ᠵᠢᠢ ᠶᠦᠩ ᠴᠢᠶᠠᠨ ᠴᠠᠭᠠᠨ ᠰᠠᠷ᠎ᠠ ᠠᠴᠠ ᠡᠮᠦᠨᠡᠬᠢ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/16
       1 ᠰᠠᠷ᠎ᠠ ᠶᠢᠨ 23᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠠᠶᠢᠯᠠᠷ  ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠰᠢᠨ ᠴᠢᠶᠣᠤ ᠵᠠᠬ᠎ᠠ ᠳᠡᠯᠭᠡᠭᠦᠷ᠂ ᠬᠠᠢ ᠴᠢᠩ ᠶᠤᠸᠠᠨ ᠤᠰᠤ ᠬᠠᠩᠭᠠᠬᠤ ᠬᠢᠵᠠᠭᠠᠷᠲᠤ  ᠬᠠᠷᠢᠭᠤᠴᠠᠯᠭᠠᠲᠤ ᠺᠣᠮᠫᠠᠨᠢ ᠶᠢᠨ ᠾᠧᠢ ᠶᠠᠩ ᠥᠷᠲᠡᠭᠡ ᠶᠢᠨ ᠤᠰᠤᠨ ᠤ ᠦᠢᠯᠡᠳᠪᠦᠷᠢ ᠪᠣᠯᠣᠨ ᠥᠪᠥᠷ ᠮᠣᠩᠭᠤᠯ ᠤᠨ ᠱᠧᠩ ᠹᠧᠩ ᠡᠨᠧᠷᠭᠢ ᠶᠢᠨ ᠰᠢᠨᠵᠢᠯᠡᠬᠦ  ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠷᠠᠳ ᠤᠨ ᠠᠮᠢᠳᠤᠷᠠᠯ ᠤᠨ  ᠪᠠᠲᠤᠯᠠᠭ᠎ᠠ ᠪᠣᠯᠣᠨ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ 
20250416-14-1.jpg
        ᠬᠠᠶᠢᠯᠠᠷ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ᠂ ᠵᠢᠢ ᠶᠦᠩ ᠴᠢᠶᠠᠨ ᠠᠵᠢᠯᠲᠠᠳ ᠲᠤ ᠴᠠᠭᠠᠨ ᠰᠠᠷ᠎ᠠ ᠶᠢᠨ  ᠵᠥᠩᠨᠡᠯ ᠳᠡᠪᠰᠢᠭᠦᠯᠬᠦ ᠶᠢᠨ ᠬᠠᠮᠲᠤ ᠡᠯ᠎ᠡ ᠴᠣᠩᠬᠤᠪᠴᠢ ᠶᠢᠨ ᠦᠢᠯᠡᠴᠢᠯᠡᠭᠡᠨ ᠤ ᠵᠦᠢᠯᠡᠰ᠂ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠪᠠᠶᠢᠳᠠᠯ ᠢ ᠨᠠᠷᠢᠨ ᠯᠠᠪᠯᠠᠨ  ᠠᠰᠠᠭᠤᠪᠠ᠃ ᠲᠡᠷᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯ ᠵᠠᠰᠠᠭ ᠤᠨ ᠣᠷᠳᠣᠨ ᠪᠣᠯᠣᠨ ᠤᠯᠠᠨ ᠲᠦᠮᠡᠨ ᠤ ᠬᠠᠷᠢᠯᠴᠠᠭ᠎ᠠ ᠶᠢᠨ ᠬᠥᠭᠦᠷᠭᠡ ᠮᠥᠨ᠂  ᠴᠠᠭᠠᠨ ᠰᠠᠷ᠎ᠠ ᠣᠶᠢᠷᠠᠳᠴᠤ ᠪᠠᠶᠢᠭ᠎ᠠ ᠪᠣᠯᠬᠤᠷ ᠦᠢᠯᠡᠴᠢᠯᠡᠭᠡ ᠶᠢ ᠰᠤᠯᠠᠷᠠᠭᠤᠯᠵᠤ ᠪᠣᠯᠬᠤ ᠦᠭᠡᠢ᠂ ᠵᠢᠯ ᠤᠨ ᠡᠮᠦᠨᠡᠬᠢ ᠡᠴᠦᠰ ᠤᠨ ᠨᠢᠭᠡ ᠠᠵᠢᠯ ᠤᠨ ᠪᠠᠶᠢᠷᠢ ᠳᠤ  ᠰᠠᠶᠢᠲᠤᠷ ᠵᠣᠭᠰᠣᠵᠤ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠥᠨᠳᠥᠷ ᠪᠦᠲᠦᠮᠵᠢᠲᠡᠢ ᠤᠨᠢᠨ ᠳᠡᠭᠡᠷ᠎ᠡ ᠨᠢ  ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠡᠷᠡᠭ ᠶᠠᠪᠤᠳᠠᠯ ᠢ ᠶᠠᠪᠤᠳᠠᠯ ᠪᠦᠬᠦᠨ ᠳᠤ ᠰᠢᠢᠳᠪᠦᠷᠢᠯᠡᠬᠦ ᠬᠥᠮᠥᠨ ᠲᠠᠢ᠂ ᠶᠠᠪᠤᠳᠠᠯ ᠪᠦᠬᠦᠨ ᠳᠤ ᠬᠠᠷᠢᠭᠤ ᠥᠭᠬᠦ ᠶᠢ  ᠪᠠᠲᠤᠯᠠᠵᠤ᠂ ᠠᠵᠢᠯ ᠶᠠᠪᠤᠳᠠᠯ ᠬᠢᠬᠦ ᠪᠠᠷ ᠢᠷᠡᠭᠰᠡᠨ ᠤᠯᠠᠨ ᠲᠦᠮᠡᠨ ᠪᠣᠯᠣᠨ ᠠᠵᠤ ᠠᠬᠤᠶᠢᠯᠠᠯ ᠢ ᠴᠥᠮ ᠠᠵᠢᠯ ᠶᠠᠪᠤᠳᠠᠯ ᠢ ᠰᠠᠶᠢᠲᠤᠷ ᠬᠢᠬᠦ᠂ ᠲᠦᠷᠭᠡᠨ ᠠᠵᠢᠯ  ᠶᠠᠪᠤᠳᠠᠯ ᠬᠢᠬᠦ᠂ ᠤᠴᠢᠷ ᠶᠠᠪᠤᠳᠠᠯ ᠢ ᠪᠦᠲᠦᠭᠡᠬᠦ᠂ ᠰᠠᠨᠠᠭ᠎ᠠ ᠠᠮᠤᠷ ᠭᠡᠷ ᠲᠡᠭᠡᠨ ᠬᠠᠷᠢᠵᠤ ᠰᠢᠨᠡᠯᠡᠭᠦᠯᠬᠦ ᠬᠡᠷᠡᠭᠲᠡᠢ ᠭᠡᠵᠦ ᠬᠡᠯᠡᠪᠡ᠃ 
20250416-14-2.jpg
        ᠪᠠᠶᠠᠷ ᠤᠨ ᠡᠳᠦᠷ ᠤᠨ ᠬᠤᠭᠤᠴᠠᠭᠠᠨ ᠳᠤ ᠵᠠᠬ᠎ᠠ ᠵᠡᠭᠡᠯᠢ ᠶᠢᠨ ᠬᠠᠩᠭᠠᠮᠵᠢ ᠪᠣᠯᠣᠨ ᠪᠠᠷᠠᠭᠠᠨ ᠤ ᠦᠨ᠎ᠡ ᠲᠣᠭᠲᠠᠭᠤᠨ ᠪᠠᠶᠢᠬᠤ ᠪᠣᠯ ᠬᠤᠲᠠ ᠶᠢᠨ ᠠᠷᠠᠳ ᠤᠨ  ᠠᠩᠬᠠᠷᠤᠯ ᠤᠨ ᠲᠥᠪ ᠪᠣᠯᠵᠤ᠃ ᠵᠢᠢ ᠶᠦᠩ ᠴᠢᠶᠠᠨ ᠰᠢᠨ ᠴᠢᠶᠣᠤ ᠵᠠᠬ᠎ᠠ ᠳᠡᠯᠭᠡᠭᠦᠷ ᠲᠤ ᠬᠦᠷᠴᠦ᠂ ᠮᠢᠬᠠᠨ ᠤ ᠵᠦᠢᠯ᠂ ᠢᠳᠡᠰᠢᠨ ᠨᠣᠭᠤᠭ᠎ᠠ᠂ ᠠᠮᠤ ᠲᠣᠰᠣᠨ ᠤ  ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠪᠠ ᠢᠳᠡᠭᠡᠨ ᠤ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠢ ᠲᠤᠬᠠᠢ ᠶᠢᠨ  ᠭᠠᠵᠠᠷ ᠲᠤᠨᠢ ᠣᠶᠢᠯᠠᠭᠠᠵᠤ᠂ ᠵᠠᠬ᠎ᠠ ᠳᠡᠯᠭᠡᠭᠦᠷ ᠪᠠ ᠬᠤᠳᠠᠯᠳᠤᠭᠠᠨ ᠤ ᠡᠷᠦᠬᠡ ᠶᠢᠨ ᠣᠯᠠᠨ ᠶᠠᠩᠵᠤ ᠶᠢᠨ ᠪᠠᠶᠠᠷ ᠤᠨ ᠡᠳᠦᠷ ᠤᠨ ᠪᠣᠷᠤᠯᠠᠭᠤᠯᠭ᠎ᠠ ᠶᠢ ᠠᠬᠢᠭᠤᠯᠬᠤ  ᠠᠵᠢᠯᠯᠠᠭ᠎ᠠ ᠥᠷᠨᠢᠭᠦᠯᠵᠦ᠂ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠬᠠᠩᠭᠠᠯᠭ᠎ᠠ ᠶᠢᠨ ᠲᠥᠷᠥᠯ ᠵᠦᠢᠯ ᠢ ᠪᠠᠶᠠᠯᠢᠭᠵᠢᠭᠤᠯᠵᠤ᠂  ᠣᠯᠠᠨ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠡᠷᠡᠭᠯᠡᠭᠡᠨ ᠤ ᠬᠡᠷᠡᠭᠴᠡᠭᠡ ᠶᠢ ᠬᠠᠩᠭᠠᠬᠤ ᠶᠢᠨ ᠬᠠᠮᠲᠤ ᠡᠵᠡᠩᠨᠡᠯᠲᠡ ᠶᠢᠨ ᠣᠷᠣᠯᠭ᠎ᠠ ᠶᠢᠨ ᠬᠢᠷᠢ  ᠲᠦᠪᠰᠢᠨ ᠢ ᠨᠠᠩ ᠰᠠᠶᠢᠲᠤᠷ ᠳᠡᠭᠡᠭᠰᠢᠯᠡᠭᠦᠯᠬᠦ ᠶᠢ ᠵᠣᠷᠢᠭᠵᠢᠭᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ  ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ︽ᠬᠦᠨᠡᠰᠦᠨ ᠤ ᠤᠭᠤᠲᠠ︾ ︽ᠬᠤᠯᠢᠰᠢᠨ ᠢᠳᠡᠭᠡᠨ︾  ︽ᠵᠢᠮᠢᠰ ᠤᠨ ᠲᠠᠪᠠᠭ︾᠎ ᠤᠨ ᠶᠠᠰᠤ ᠴᠢᠨᠠᠷ ᠰᠢᠯᠢᠳᠡᠭ ᠦᠨ᠎ᠡ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃        ᠬᠠᠶᠢᠯᠠᠷ ᠲᠣᠭᠤᠷᠢᠭ ᠤᠨ ᠬᠠᠢ ᠴᠢᠩ ᠶᠤᠸᠠᠨ ᠤᠰᠤ ᠬᠠᠩᠭᠠᠬᠤ ᠬᠢᠵᠠᠭᠠᠷᠲᠤ ᠺᠣᠮᠫᠠᠨᠢ ᠶᠢᠨ ᠾᠧᠢ ᠶᠠᠩ ᠦᠷᠳᠡᠭᠡ ᠶᠢᠨ ᠤᠰᠤᠨ ᠤ ᠦᠢᠯᠡᠳᠪᠦᠷᠢ ᠪᠣᠯᠣᠨ  ᠥᠪᠥᠷ ᠮᠣᠩᠭᠤᠯ ᠤᠨ ᠱᠧᠩ ᠹᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ᠂ ᠵᠢᠢ ᠶᠦᠩ ᠴᠢᠶᠠᠨ  ᠬᠤᠯᠪᠣᠭᠳᠠᠯ ᠪᠦᠬᠦᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ  ᠠᠬᠤᠶᠢᠯᠠᠯ ᠢ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠡᠯ᠎ᠡ ᠲᠦᠷᠦᠯ ᠤᠨ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ  ᠴᠢᠩᠭᠠᠷᠠᠭᠤᠯᠵᠤ᠂ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠤᠰᠤ ᠬᠠᠩᠭᠠᠬᠤ᠂ ᠬᠡᠢ ᠬᠠᠩᠭᠠᠬᠤ ᠲᠣᠭᠲᠠᠭᠤᠨ  ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠥᠬᠦ ᠶᠠᠪᠤᠴᠠ ᠶᠢᠨ᠂ ᠪᠥᠬᠦ ᠲᠠᠯ᠎ᠠ ᠶᠢᠨ᠂ ᠪᠥᠬᠦ ᠴᠠᠭ ᠤᠨ ᠠᠮᠤᠷ  ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠳᠠᠯ ᠢ ᠲᠣᠭᠲᠠᠭᠤᠨ ᠡᠵᠡᠮᠳᠡᠵᠦ  ᠪᠣᠯᠬᠤ ᠶᠢ ᠦᠨᠡᠨ ᠬᠦ ᠪᠠᠲᠤᠯᠠᠵᠤ᠂ ᠠᠷᠠᠳ ᠣᠯᠠᠨ ᠢ ᠪᠠᠶᠠᠷ ᠬᠥᠷ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃        ᠬᠤᠲᠠ ᠶᠢᠨ ᠤᠳᠤᠷᠢᠳᠤᠯᠭ᠎ᠠ ᠬᠥᠩ ᠹᠧᠢ ᠲᠢᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ