1 ᠰᠠᠷ᠎ᠠ ᠶᠢᠨ 19 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ | ᠶᠦᠩ ᠴᠢᠶᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠲᠤᠰᠠᠯᠠᠮᠵᠢ ᠬᠦᠷᠲᠡᠭᠰᠡᠨ ᠨᠠᠰᠤᠲᠠᠨ᠂ ᠡᠮᠴᠢ | ᠰᠤᠪᠢᠯᠠᠭᠴᠢ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠣᠨ ᠨᠢᠭᠡᠳᠦᠭᠡᠷ ᠹᠷᠣᠨᠲ ᠤᠨ ᠵᠢᠵᠢᠭᠦᠷᠯᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠶᠢ | ᠪᠣᠯᠭᠤᠭᠠᠨ ᠲᠣᠬᠤᠨᠢᠭᠤᠯᠵᠤ᠂ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ | | | | | | | ᠵᠢᠢ ᠶᠦᠩ ᠴᠢᠶᠠᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠵᠤᠤ ᠱᠠᠨ ᠭᠧᠨ ᠤ ᠭᠡᠷ ᠲᠤ ᠬᠦᠷᠴᠦ᠂ ᠭᠡᠷ ᠤᠨ ᠵᠣᠭᠤᠭ ᠳᠡᠯᠭᠡᠵᠦ᠂ ᠠᠮᠢᠳᠤᠷᠠᠯ ᠢ ᠨᠢ | ᠬᠠᠯᠠᠮᠵᠢᠯᠠᠨ ᠠᠰᠠᠭᠤᠵᠤ᠂ ᠬᠥᠭᠵᠢᠯᠲᠡ ᠶᠢᠨ ᠲᠤᠬᠠᠢ ᠶᠠᠷᠢᠯᠴᠠᠵᠤ᠂ ᠢᠷᠡᠭᠡᠳᠦᠢ ᠶᠢᠨ ᠲᠤᠬᠠᠢ ᠶᠠᠷᠢᠯᠴᠠᠪᠠ᠃ ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠬᠦ | ᠬᠤᠳᠠ ᠪᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠡᠯ᠎ᠡ ᠵᠦᠢᠯ ᠤᠨ ᠠᠵᠢᠯ ᠢᠳᠡᠪᠬᠢᠲᠡᠢ | ᠠᠬᠢᠴᠠ ᠲᠠᠢ ᠪᠣᠯᠪᠠ᠃ ᠡᠳᠡᠭᠡᠷ ᠠᠮᠵᠢᠯᠲᠠ ᠪᠦᠲᠦᠮᠵᠢ ᠨᠢ ᠠᠬᠠᠮᠠᠳ ᠨᠢᠭᠡ ᠦᠶ᠎ᠡ ᠶᠢᠨ ᠬᠢᠨ ᠤ ᠪᠠᠲᠤ ᠪᠠᠬᠢ ᠰᠠᠭᠤᠷᠢ ᠶᠢ ᠲᠠᠯᠪᠢᠵᠤ ᠴᠢᠳᠠᠬᠤ ᠦᠭᠡᠢ ᠶᠤᠮ᠂ | ᠠᠬᠠᠮᠠᠳ ᠨᠥᠬᠦᠳ ᠤᠨ ᠪᠡᠶ᠎ᠡ ᠪᠠᠨ ᠬᠢᠴᠢᠶᠡᠵᠦ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ | ᠢᠯᠡᠭᠦᠬᠡᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠃ | | | | | | | ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠳᠤ᠂ ᠵᠢᠢ ᠶᠦᠩ ᠴᠢᠶᠠᠨ ᠪᠠᠶᠢᠷᠢ ᠶᠢᠨ ᠭᠡᠷ᠂ ᠬᠤᠭᠤᠯᠠᠨ ᠭᠡᠷ ᠲᠤ ᠣᠷᠣᠵᠤ᠂ ᠣᠷᠣᠨ ᠰᠠᠭᠤᠴᠠ | ᠪᠠ ᠢᠳᠡᠭᠡᠨ ᠤᠮᠳᠠᠭᠠᠨ ᠤ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠠᠵᠢᠯᠲᠠᠳ ᠲᠤ ᠨᠠᠰᠤᠲᠠᠨ ᠢ ᠨᠠᠷᠢᠨ ᠨᠢᠮᠪᠠᠢ ᠠᠷᠠᠴᠢᠯᠠᠵᠤ᠂ ᠲᠡᠳᠡᠨ ᠤ ᠠᠰᠠᠷᠠᠮᠵᠢ ᠶᠢᠨ | ᠬᠦᠷᠢᠶᠡᠯᠡᠩ ᠳᠤ ᠪᠠᠰᠠ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠬᠦ ᠬᠡᠷᠡᠭᠲᠡᠢ ᠭᠡᠵᠦ ᠵᠠᠬᠢᠪᠠ᠃ ᠬᠤᠲᠠ ᠶᠢᠨ ᠭᠤᠷᠪᠠᠳᠤᠭᠠᠷ ᠠᠷᠠᠳ ᠤᠨ ᠡᠮᠨᠡᠯᠭᠡ ᠶᠢᠨ | ᠬᠤᠷᠢᠶ᠎ᠠ ︵ᠬᠥᠯᠥᠨ ᠪᠤᠶᠢᠷ ᠬᠤᠲᠠ ᠶᠢᠨ ᠣᠶᠤᠨ ᠤ ᠡᠷᠡᠭᠦᠯ ᠬᠠᠮᠠᠭᠠᠯᠠᠯ ᠤᠨ ᠲᠥᠪ︶ ᠳᠤ᠂ ᠵᠢᠢ ᠶᠦᠩ ᠴᠢᠶᠠᠨ ᠡᠮᠴᠢ ᠰᠤᠪᠢᠯᠠᠭᠴᠢᠳ ᠲᠠᠢ ᠳᠣᠲᠣᠨᠣ ᠪᠠᠷ | ᠶᠠᠷᠢᠯᠴᠠᠵᠤ᠂ ᠲᠡᠳᠡᠨ ᠤ ᠡᠪᠡᠳᠴᠢᠲᠡᠨ ᠤ ᠣᠶᠤᠨ ᠰᠠᠨᠠᠭᠠᠨ ᠤ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ | ᠣᠯᠠᠨ ᠢᠶᠠᠷ ᠢᠶᠠᠨ ᠬᠥᠮᠥᠨ ᠨᠡᠶᠢᠭᠡᠮ ᠤᠨ ᠬᠠᠯᠠᠮᠵᠢᠯᠠᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠪᠡᠳᠴᠢᠲᠡᠨ ᠢ ᠪᠠᠶᠠᠷ ᠪᠠᠶᠠᠰᠬᠤᠯᠠᠩ ᠲᠠᠢ ᠰᠢᠨ᠎ᠡ ᠵᠢᠯ ᠢᠶᠠᠨ | ᠥᠩᠭᠡᠷᠡᠭᠦᠯᠬᠦ ᠶᠢ ᠬᠦᠰᠡᠪᠡ᠃ | ︽ᠴᠠᠭᠠᠨ ᠰᠠᠷ᠎ᠠ ᠣᠶᠢᠷᠠᠲᠤᠯ᠎ᠠ᠂ ᠰᠢᠨ᠎ᠡ ᠵᠢᠯ ᠤᠨ ᠮᠡᠨᠳᠤ ᠶᠢ ᠤᠷᠢᠳᠴᠢᠯᠠᠨ ᠳᠡᠪᠰᠢᠭᠦᠯᠦᠶ᠎ᠡ︕︾ ᠴᠡᠷᠢᠭ ᠠᠩᠭᠢ ᠳᠤ ᠬᠦᠷᠴᠦ᠂ ᠵᠢᠢ ᠶᠦᠩ ᠴᠢᠶᠠᠨ | ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠭᠠᠷ ᠠᠳᠬᠤᠵᠤ᠂ ᠬᠠᠯᠠᠭᠤᠨ ᠢᠶᠠᠷ ᠶᠠᠷᠢᠯᠴᠠᠵᠤ᠂ ᠲᠡᠳᠡᠨ ᠳᠤ ᠡᠷᠬᠢᠮ ᠳᠡᠭᠡᠳᠦ ᠬᠦᠨᠳᠦᠳᠬᠡᠯ ᠪᠠ | ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠥᠷᠭᠡᠨ ᠣᠯᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠰᠢᠯᠢᠳᠡᠭ ᠤᠯᠠᠮᠵᠢᠯᠠᠯ ᠢᠶᠠᠨ | ᠪᠠᠳᠠᠷᠠᠭᠤᠯᠵᠤ᠂ ᠴᠡᠷᠢᠭ ᠪᠣᠯᠪᠠᠰᠤᠷᠠᠭᠤᠯᠵᠤ ᠲᠡᠶᠢᠨ ᠳᠤ ᠪᠡᠯᠡᠳᠬᠡᠬᠦ ᠪᠠᠨ ᠴᠢᠩᠭᠠᠳᠬᠠᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ | ᠣᠷᠣᠯᠴᠠᠬᠤ ᠶᠢ ᠦᠷᠭᠦᠯᠵᠢᠯᠡᠨ ᠳᠡᠮᠵᠢᠵᠦ᠂ ᠬᠥᠯᠥᠨ ᠪᠤᠶᠢᠷ ᠬᠤᠲᠠ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠬᠦ ᠶᠢ ᠬᠦᠰᠡᠵᠦ | ᠪᠠᠶᠢᠨ᠎ᠠ ᠭᠡᠵᠦ ᠢᠯᠡᠳᠬᠡᠪᠡ᠃ | ᠬᠠᠶᠢᠯᠠᠷ ᠭᠤᠣᠯ ᠤᠨ ᠪᠠᠷᠠᠭᠤᠨ ᠲᠠᠯ᠎ᠠ ᠶᠢᠨ ︽ᠭᠤᠷᠪᠠᠯᠵᠢᠨ︾ ᠠᠭᠤᠳᠠᠮ ᠲᠠᠯᠠᠪᠠᠢ ᠳᠤ᠂ ᠵᠢᠢ ᠶᠦᠩ ᠴᠢᠶᠠᠨ ᠨᠢᠭᠡᠳᠦᠭᠡᠷ ᠹᠷᠣᠨᠲ ᠤᠨ ᠵᠢᠵᠢᠭᠦᠷᠯᠡᠵᠦ | ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠶᠢ ᠲᠣᠬᠤᠨᠢᠭᠤᠯᠵᠤ᠂ ᠲᠡᠳᠡᠨ ᠤ ᠬᠤᠳᠠ ᠶᠢᠨ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠳᠤᠮᠳᠠᠬᠢ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠠᠨ ᠳᠤ ᠳᠤᠯᠠᠭᠠᠯᠠᠭ᠎ᠠ ᠪᠠ ᠠᠮᠤᠷ ᠲᠦᠪᠰᠢᠨ ᠢ ᠠᠩᠬᠠᠷᠬᠤ ᠬᠡᠷᠡᠭᠲᠡᠢ ᠭᠡᠵᠦ ᠵᠠᠬᠢᠪᠠ᠃ | ᠴᠠᠭᠠᠨ ᠰᠠᠷ᠎ᠠ ᠶᠢᠨ ᠬᠤᠭᠤᠴᠠᠭᠠᠨ ᠳᠤ ᠵᠠᠮ ᠬᠠᠷᠢᠯᠴᠠᠭᠠᠨ ᠤ ᠳᠠᠷᠤᠯᠲᠠ ᠨᠡᠮᠡᠭᠳᠡᠵᠦ᠂ ᠥᠷᠭᠡᠨ ᠤᠯᠠᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠴᠠᠭᠳᠠᠭ᠎ᠠ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠤᠳᠠ ᠶᠢᠨ ᠠᠷᠠᠳ ᠤᠨ ᠠᠮᠤᠷ | ᠲᠦᠪᠰᠢᠨ ᠢᠶᠠᠷ ᠭᠠᠳᠠᠭᠰᠢ ᠭᠠᠷᠬᠤ ᠳᠤ ᠪᠠᠲᠤᠯᠠᠭ᠎ᠠ ᠬᠠᠩᠭᠠᠬᠤ ᠶᠢ ᠬᠦᠰᠡᠪᠡ᠃ | ᠬᠤᠳᠠ ᠶᠢᠨ ᠤᠳᠤᠷᠢᠳᠤᠯᠭ᠎ᠠ ᠶᠠᠨ ᠢ ᠱᠧᠩ᠂ ᠰᠢᠨ ᠱᠦ ᠭᠤᠸᠠᠩ ᠲᠤᠰ ᠲᠤᠰ ᠲᠣᠬᠤᠨᠢᠭᠤᠯᠤᠯ ᠳᠤ ᠣᠷᠣᠯᠴᠠᠪᠠ᠃ | | |