ᠸᠠᠩ ᠸᠠᠩ ᠱᠧᠩ ᠴᠠᠭᠠᠨ ᠰᠠᠷ᠎ᠠ ᠠᠴᠠ ᠡᠮᠦᠨ᠎ᠡ ᠠᠬᠠᠮᠠᠳ ᠨᠠᠮ ᠤᠨ ᠭᠡᠰᠢᠭᠦᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2025/4/16
       ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠰᠠᠷ᠎ᠠ ᠶᠢᠨ 20᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ  ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ  ᠳᠡᠪᠰᠢᠭᠦᠯᠪᠡ᠃ 
20250416-16-1.jpg
        ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠡᠷᠬᠢᠯᠡᠭᠴᠢ ᠳ᠋ᠧ ᠢᠦᠢ ᠴᠢᠩ ᠤᠨ ᠭᠡᠷ ᠲᠤ᠂  ᠸᠠᠩ ᠸᠠᠩ ᠱᠧᠩ ᠲᠡᠭᠦᠨ ᠤ ᠪᠡᠶ᠎ᠡ ᠮᠠᠬᠠᠪᠤᠳ ᠤᠨ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠭᠰᠠᠨ ᠪᠥᠭᠡᠳ ᠥᠩᠭᠡᠷᠡᠭᠰᠡᠨ ᠨᠢᠭᠡ ᠵᠢᠯ ᠤᠨ  ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠲᠠᠨᠢᠯᠴᠠᠭᠤᠯᠵᠤ᠂ ᠠᠬᠠᠮᠠᠳ ᠤᠳᠤᠷᠢᠳᠤᠯᠭ᠎ᠠ ᠶᠢᠨ ᠰᠠᠨᠠᠯ ᠰᠠᠨᠠᠭᠤᠯᠭ᠎ᠠ ᠶᠢ  ᠬᠤᠷᠢᠶᠠᠵᠤ᠂ ᠲᠡᠭᠦᠨ ᠤ ᠪᠡᠶ᠎ᠡ ᠪᠠᠨ ᠰᠠᠶᠢᠲᠤᠷ ᠭᠠᠮᠨᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠬᠥᠯᠥᠨ ᠪᠤᠶᠢᠷ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ  ᠬᠠᠯᠠᠮᠵᠢᠯᠠᠨ ᠳᠡᠮᠵᠢᠬᠦ ᠶᠢ ᠬᠦᠰᠡᠪᠡ᠃ 
20250416-16-2.jpg
        90 ᠭᠠᠷᠤᠢ ᠨᠠᠰᠤᠲᠠᠢ ᠠᠬᠠᠮᠠᠳ ᠨᠠᠮ ᠤᠨ ᠭᠡᠰᠢᠭᠦᠨ ᠲᠦᠮᠡᠨ ᠬᠤᠩᠭᠤᠯᠵᠢ ᠶᠢᠨ ᠣᠢ ᠰᠢᠭᠤᠢ ᠶᠢᠨ ᠲᠣᠪᠴᠢᠶᠠᠨ ᠤ ᠨᠠᠮ ᠤᠨ ᠬᠤᠷᠢᠶᠠᠨ ᠤ ᠱᠦᠵᠢ ᠶᠢᠨ  ᠲᠤᠰᠢᠶᠠᠯ ᠢ ᠬᠠᠷᠢᠭᠤᠴᠠᠵᠤ ᠥᠩᠭᠡᠷᠡᠵᠡᠢ᠃ ᠸᠠᠩ ᠸᠠᠩ ᠱᠧᠩ ᠲᠡᠭᠦᠨ ᠲᠠᠢ ᠡᠪᠦᠳᠦᠭ ᠨᠤᠭᠤᠯᠤᠨ ᠶᠠᠷᠢᠯᠴᠠᠵᠤ᠂ ᠠᠬᠠᠮᠠᠳ ᠨᠥᠬᠦᠳ ᠤᠨ ᠰᠢᠭᠤᠶᠢᠲᠤ ᠣᠷᠣᠨ ᠤ  ᠠᠵᠢᠯ ᠠᠮᠢᠳᠤᠷᠠᠯ ᠤᠨ ᠲᠤᠬᠠᠢ ᠶᠠᠷᠢᠬᠤ ᠶᠢ ᠨᠠᠷᠢᠨ ᠬᠢᠨᠠᠮᠠᠭᠠᠢ ᠰᠣᠨᠣᠰᠪᠠ᠃ ᠨᠠᠰᠤᠲᠠᠨ ᠤ ᠪᠡᠶ᠎ᠡ ᠮᠠᠬᠠᠪᠤᠳ ᠡᠷᠡᠭᠦᠯ ᠴᠢᠭᠢᠷᠠᠭ᠂ ᠴᠤᠭ ᠵᠢᠪᠬᠤᠭ᠎ᠠ ᠲᠡᠭᠦᠯᠳᠡᠷ  ᠪᠠᠶᠢᠬᠤ ᠶᠢ ᠦᠵᠡᠭᠡᠳ ᠸᠠᠩ ᠸᠠᠩ ᠱᠧᠩ ᠮᠠᠰᠢ ᠪᠠᠶᠠᠷᠯᠠᠵᠤ᠂ ᠲᠡᠭᠦᠨ ᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠪᠠᠳᠠᠷᠠᠭᠤᠯᠬᠤ ᠶᠢ ᠮᠠᠭᠲᠠᠨ  ᠰᠠᠶᠢᠰᠢᠶᠠᠭᠰᠠᠨ ᠪᠥᠭᠡᠳ ᠨᠠᠰᠤᠲᠠᠨ ᠤ ᠡᠷᠡᠭᠦᠯ ᠴᠢᠭᠢᠷᠠᠭ ᠤᠷᠳᠤ ᠨᠠᠰᠤᠯᠠᠵᠤ᠂ ᠪᠠᠶᠠᠷ ᠪᠠᠶᠠᠰᠬᠤᠯᠠᠩ ᠲᠠᠢ ᠪᠠᠶᠢᠬᠤ ᠶᠢ ᠬᠦᠰᠡᠨ ᠵᠥᠩᠨᠡᠪᠡ᠃        ᠲᠣᠬᠤᠨᠢᠭᠤᠯᠵᠤ ᠰᠣᠯᠢᠯᠴᠠᠬᠤ ᠳᠤᠮᠳᠠ᠂ ᠸᠠᠩ ᠸᠠᠩ ᠱᠧᠩ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠪᠣᠯ ᠪᠢᠳᠡᠨ ᠤ ᠥᠨᠢ ᠡᠭᠦᠷᠢᠳᠡ ᠶᠢᠨ ᠬᠡᠪ  ᠳᠠᠭᠤᠷᠢᠶᠠᠯ ᠮᠥᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠡᠳᠡᠨ ᠤ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ  ᠪᠠᠶᠢᠬᠤ ᠡᠷᠬᠢᠮ ᠳᠡᠭᠡᠳᠦ ᠵᠣᠷᠢᠭ ᠰᠠᠨᠠᠭ᠎ᠠ ᠪᠠ ᠴᠢᠩ ᠦᠨᠡᠨᠴᠢ ᠰᠡᠳᠬᠢᠯᠭᠡ ᠶᠢ ᠰᠤᠷᠤᠯᠴᠠᠵᠤ᠂ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠵᠣᠷᠢᠭ  ᠰᠢᠭᠤᠳᠤᠨ ᠬᠤᠪᠢ ᠨᠡᠮᠡᠷᠢ ᠦᠵᠡᠭᠦᠯᠵᠦ᠂ ᠬᠥᠯᠥᠨ ᠪᠤᠶᠢᠷ ᠢ ᠰᠠᠶᠢᠲᠤᠷ ᠪᠦᠲᠦᠭᠡᠨ ᠪᠠᠶᠢᠭᠤᠯᠵᠤ ᠰᠠᠶᠢᠲᠤᠷ ᠬᠥᠭᠵᠢᠭᠦᠯᠬᠦ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤ  ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠦᠢᠯᠡᠴᠢᠯᠡᠭᠡᠨ ᠤ  ᠪᠠᠲᠤᠯᠠᠭ᠎ᠠ ᠶᠢ ᠰᠠᠶᠢᠲᠤᠷ ᠬᠢᠵᠦ᠂ ᠰᠡᠳᠬᠢᠯ ᠲᠠᠯᠪᠢᠨ ᠬᠦᠴᠦ ᠣᠷᠣᠭᠤᠯᠤᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠬᠠᠮᠠᠳ  ᠨᠥᠬᠦᠳ ᠲᠤ ᠨᠠᠮ ᠤᠨ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠬᠦᠷᠲᠡᠭᠡᠵᠦ᠂  ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠳᠠ ᠶᠢᠨ ᠤᠳᠤᠷᠢᠳᠤᠯᠭ᠎ᠠ ᠸᠠᠩ ᠮᠧᠩ᠂ ᠶᠠᠨ ᠢ ᠱᠧᠩ ᠲᠣᠬᠤᠨᠢᠭᠤᠯᠤᠯ ᠳᠤ ᠣᠷᠣᠯᠴᠠᠪᠠ᠃  
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ