ᠬᠥᠯᠥᠨ ᠪᠤᠶᠢᠷ ᠬᠤᠲᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠬᠤ ᠺᠠᠳ᠋ᠷ ᠤᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/16
       1 ᠰᠠᠷ᠎ᠠ ᠶᠢᠨ 18᠎ ᠤ ᠡᠳᠦᠷ᠂ ᠬᠥᠯᠥᠨ ᠪᠤᠶᠢᠷ ᠬᠤᠳᠠ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠲᠤᠭᠤᠰᠢᠯᠠᠭᠤᠯᠬᠤ ᠺᠠᠳ᠋ᠷ ᠤᠨ ᠬᠤᠷᠠᠯ ᠬᠤᠷᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ  ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠵᠢᠢ ᠶᠦᠩ ᠴᠢᠶᠠᠨ᠂ ᠢᠦᠢ  ᠸᠧᠢ ᠳ᠋ᠦᠩ᠂ ᠯᠢᠦᠢ ᠬᠦᠶ ᠾᠧ ᠲᠣᠰ ᠲᠣᠰ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠪᠠ᠃ 
20250416-17-1.jpg
        ᠬᠤᠷᠠᠯ ᠠᠴᠠ᠂ ᠪᠥᠬᠦ ᠬᠤᠲᠠ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠷᠢᠨ ᠬᠢᠨᠠᠮᠠᠭᠠᠢ ᠰᠤᠷᠤᠯᠴᠠᠨ  ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠠᠴᠠ ᠳᠤᠷᠠᠳᠤᠭᠰᠠᠨ ᠠᠵᠢᠯ ᠤᠨ ᠱᠠᠭᠠᠷᠳᠠᠯᠭ᠎ᠠ ᠳᠡᠭᠡᠷ᠎ᠡ  ᠨᠢᠭᠡᠳᠬᠡᠵᠦ᠂ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠯᠠᠭᠤᠨ ᠥᠷᠨᠢᠯᠲᠡ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠠᠴᠠ ᠳᠡᠭᠡᠳᠦ ᠱᠠᠲᠤᠨ ᠤ ᠬᠠᠮᠤᠭ ᠤᠨ ᠰᠢᠨ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠤᠶᠠᠯᠳᠤᠭᠤᠯᠤᠨ᠂ ᠡᠯ᠎ᠡ ᠵᠦᠢᠯ ᠤᠨ ᠭᠤᠣᠯᠳᠠᠯᠭ᠎ᠠ ᠲᠠᠢ  ᠠᠵᠢᠯ ᠳᠤ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠬᠢᠵᠦ᠂ ᠡᠯ᠎ᠡ ᠱᠠᠲᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠶᠢᠨ ᠨᠠᠷᠢᠨ  ᠲᠠᠩᠰᠠ ᠶᠢ ᠱᠠᠯᠠᠪᠳᠠᠨ ᠡᠮᠬᠢᠯᠡᠵᠦ᠂ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠨᠢᠮᠪᠠᠢ ᠰᠠᠶᠢᠲᠤᠷ ᠠᠳᠬᠤᠬᠤ  ᠬᠡᠷᠡᠭᠲᠡᠢ᠃ ᠬᠤᠷᠠᠯ ᠠᠴᠠ᠂ ᠨᠢᠭᠡ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠶᠡᠭᠡ ᠶᠠᠪᠤᠳᠠᠯ ᠢ  ᠨᠠᠷᠢᠨ ᠬᠢᠨᠠᠮᠠᠭᠠᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾᠎ ᠶᠢ ᠯᠠᠪᠳᠠᠭᠤᠨ ᠪᠠᠲᠤᠲᠠᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾᠎ ᠢ ᠦᠷᠭᠦᠯᠵᠢᠯᠡᠨ  ᠬᠡᠷᠡᠭᠵᠢᠭᠦᠯᠵᠦ᠂ ᠨᠡᠩ ᠥᠨᠳᠥᠷ ᠪᠠᠷᠢᠮᠵᠢᠶ᠎ᠠ᠂ ᠨᠡᠩ ᠶᠡᠭᠡ ᠡᠷᠴᠢᠮ ᠢᠶᠠᠷ ᠡᠯ᠎ᠡ ᠵᠦᠢᠯ ᠤᠨ ᠠᠵᠢᠯ ᠢ ᠪᠠᠶᠢᠩᠭᠤᠵᠢᠭᠤᠯᠤᠨ ᠠᠬᠢᠭᠤᠯᠬᠤ ᠬᠡᠷᠡᠭᠲᠡᠢ᠃ ᠬᠦᠴᠦ ᠪᠠᠨ  ᠲᠥᠪᠯᠡᠷᠡᠭᠦᠯᠦᠨ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠵᠦ᠂ ᠪᠣᠭᠤᠮᠲᠠ ᠰᠢᠪᠲᠤᠯᠬᠤ ᠶᠢᠨ ᠲᠣᠭᠤᠷᠢᠨ ᠳᠤ ᠴᠢᠬᠤᠯᠠ ᠶᠡᠭᠡ ᠲᠦᠷᠦᠯ ᠵᠦᠢᠯ ᠢ  ᠲᠥᠯᠥᠪᠵᠢᠭᠦᠯᠬᠦ ᠠᠵᠢᠯᠯᠠᠭ᠎ᠠ ᠶᠢ ᠥᠷᠨᠢᠭᠦᠯᠬᠦ᠂ ᠰᠡᠳᠬᠢᠯ ᠵᠢᠷᠦᠬᠡ ᠪᠠᠨ ᠲᠠᠯᠪᠢᠵᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠥᠷᠨᠢᠭᠦᠯᠬᠦ᠂ ᠰᠡᠳᠬᠢᠯ ᠲᠠᠯᠪᠢᠨ  ᠬᠠᠶᠢᠷ᠎ᠠ ᠰᠡᠳᠬᠢᠯᠭᠡ ᠲᠠᠢ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ᠂ ᠪᠣᠳᠠᠲᠠᠢ ᠲᠠᠢ ᠤᠶᠠᠯᠳᠤᠭᠤᠯᠤᠨ ᠤᠰᠤ ᠠᠷᠪᠢᠯᠠᠬᠤ  ᠠᠵᠢᠯᠯᠠᠭ᠎ᠠ ᠶᠢ ᠥᠷᠨᠢᠭᠦᠯᠬᠦ᠂ ᠳᠠᠪᠠᠭᠤᠯᠢᠭ ᠢᠶᠠᠨ ᠪᠠᠳᠠᠷᠠᠭᠤᠯᠵᠤ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠬᠦ᠂ ᠭᠤᠣᠯ  ᠰᠢᠵᠢᠮ ᠳᠤ ᠲᠤᠭᠤᠰᠢᠯᠠᠭᠤᠯᠵᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠬᠦ ᠵᠡᠷᠭᠡ ᠲᠠᠯ᠎ᠠ ᠪᠠᠷ ᠬᠡᠷᠡᠭᠵᠢᠭᠦᠯᠬᠦ  ᠲᠥᠰᠥᠯ ᠢ ᠲᠦᠷᠭᠡᠨ ᠨᠠᠷᠢᠯᠢᠭᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠪᠦᠬᠦ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂  ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ ᠬᠤᠳᠠ ᠶᠢᠨ ᠨᠠᠮ ᠤᠨ ᠬᠤᠷᠢᠶᠠᠨ ᠤ ᠥᠷᠨᠢᠭᠦᠯᠦᠭᠰᠡᠨ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠢ ᠡᠯ᠎ᠡ  ᠵᠦᠢᠯ ᠤᠨ ᠭᠤᠣᠯᠳᠠᠯᠭ᠎ᠠ ᠲᠠᠢ ᠡᠭᠦᠷᠭᠡ ᠳᠤ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠲᠥᠯᠥᠪᠵᠢᠭᠦᠯᠦᠨ ᠠᠬᠢᠭᠤᠯᠬᠤ ᠬᠡᠷᠡᠭᠲᠡᠢ ᠭᠡᠵᠦ  ᠱᠠᠭᠠᠷᠳᠠᠪᠠ᠃        ᠬᠤᠷᠠᠯ ᠠᠴᠠ᠂ ᠱᠠᠯᠠᠪᠳᠠᠨ ᠬᠥᠳᠡᠯᠦᠯᠴᠡᠵᠦ᠂ ︽ᠰᠠᠶᠢᠨ ᠡᠬᠢᠯᠡᠯᠲᠡ︾᠎ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠪᠦᠬᠦ ᠬᠦᠷᠢᠶᠡᠨ ᠤ ᠪᠦᠬᠦ  ᠡᠯᠧᠮᠧᠨ᠋ᠲ ᠢ ᠵᠢᠭᠰᠠᠭᠠᠨ ᠪᠠᠶᠢᠴᠠᠭᠠᠬᠤ ᠶᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠣᠭᠤᠳᠠᠯ ᠪᠠᠭᠯᠠᠭ᠎ᠠ ᠶᠢ ᠲᠥᠯᠥᠪᠵᠢᠭᠦᠯᠦᠨ  ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠠᠵᠠᠷ ᠰᠢᠷᠣᠢ ᠶᠢᠨ ᠬᠤᠶᠠᠳᠠᠭᠢ ᠡᠭᠡᠯᠵᠢ ᠶᠢᠨ ᠳᠠᠭᠠᠭᠠᠴᠢᠯᠠᠯᠲᠠ ᠶᠢ ᠯᠠᠪᠳᠠᠭᠤᠨ ᠢᠶᠠᠷ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠢᠰᠲ᠋ᠧᠮ ᠲᠠᠢ ᠰᠠᠶᠢᠲᠤᠷ ᠬᠢᠬᠦ ᠬᠡᠷᠡᠭᠲᠡᠢ᠃ ᠴᠡᠭᠴᠡᠯᠡᠬᠦ᠂  ᠵᠢᠷᠤᠮᠵᠢᠭᠤᠯᠬᠤ᠂ ᠬᠤᠷᠳᠤᠴᠠ ᠶᠢ ᠲᠦᠷᠭᠡᠳᠬᠡᠬᠦ᠂ ᠦᠷ᠎ᠡ ᠠᠰᠢᠭ ᠢ ᠨᠡᠮᠡᠭᠳᠡᠭᠦᠯᠬᠦ ᠶᠢᠨ ᠲᠣᠭᠤᠷᠢᠨ ᠳᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ  ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠥᠷᠭᠡᠨ ᠤᠯᠠᠨ ᠺᠠᠳ᠋ᠷᠴᠤᠳ ᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠳᠤ ᠣᠷᠣᠯᠴᠠᠭᠤᠯᠵᠤ᠂  ᠪᠣᠳᠠᠲᠤ ᠠᠮᠵᠢᠯᠲᠠ ᠪᠦᠲᠦᠮᠵᠢ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠦ  ᠴᠢᠬᠤᠯᠠᠴᠢᠯᠠᠪᠠ᠃          
ᠢᠷᠡᠯᠲᠡ᠄ ᠬᠥᠯᠥᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ