2025 ᠣᠨ ᠤ ᠪᠦᠭᠦ ᠤᠯᠤᠰ ᠤᠨ ᠬᠤᠲᠠ ᠶᠢᠨ ᠬᠠᠮᠲᠤᠷᠠᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠬᠦ ᠬᠠᠪᠤᠷ ᠤᠨ ᠤᠯᠠᠷᠢᠯ ᠤᠨ | ᠲᠤᠰᠬᠠᠢ ᠲᠠᠯᠠᠪᠠᠢ ᠠᠵᠢᠯᠯᠠᠭ᠎ᠠ 16 ᠤ ᠡᠳᠦᠷ ᠭᠤᠸᠠᠩᠵᠧᠦ ᠳᠤ ᠪᠦᠭᠦ ᠲᠠᠯ᠎ᠠ ᠪᠠᠷ ᠡᠬᠢᠯᠡᠪᠡ᠃ ᠠᠵᠢᠯᠯᠠᠭ᠎ᠠ ᠶᠢᠨ ᠡᠭᠢᠯᠡᠯᠲᠡ ᠶᠢᠨ ᠶᠣᠰᠣᠯᠠᠯ ᠢ ᠭᠤᠸᠠᠩᠳᠦ᠋ᠩ ᠤᠨ | ︽ᠵᠠᠭᠤᠨ ᠲᠦᠮᠡᠨ ᠴᠢᠳᠠᠪᠤᠷᠢᠲᠠᠨ ᠭᠤᠸᠠᠩᠳᠦ᠋ᠩ ᠳᠤ ᠴᠤᠭᠯᠠᠷᠠᠬᠤ︾ ᠬᠠᠪᠤᠷ ᠤᠨ ᠤᠯᠠᠷᠢᠯ ᠤᠨ ᠲᠣᠮᠣ ᠭᠡᠯᠪᠡᠷᠢ ᠶᠢᠨ ᠶᠡᠷᠦᠩᠬᠡᠶᠢᠯᠡᠭᠰᠡᠨ ᠠᠵᠢᠯᠲᠠᠨ ᠠᠵᠢᠯᠴᠢᠨ | ᠡᠯᠰᠡᠬᠦ ᠴᠤᠭᠯᠠᠭᠠᠨ ᠲᠠᠢ ᠤᠶᠠᠯᠳᠤᠭᠤᠯᠤᠨ ᠬᠠᠮᠲᠤ ᠳᠤᠨᠢ ᠥᠷᠨᠢᠭᠦᠯᠵᠦ᠂ ᠪᠦᠭᠦ ᠤᠯᠤᠰ ᠤᠨ ᠣᠷᠣᠨ ᠪᠦᠰᠡ ᠬᠤᠯᠪᠤᠭᠠᠯᠠᠨ ᠬᠥᠳᠡᠯᠦᠯᠴᠡᠬᠦ᠂ ᠵᠠᠰᠠᠭ ᠤᠨ ᠣᠷᠳᠣᠨ | ᠰᠤᠷᠭᠠᠭᠤᠯᠢ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠶᠢᠨ ᠬᠤᠯᠪᠤᠭᠠᠯᠠᠨ | ᠬᠥᠳᠡᠯᠦᠯᠴᠡᠬᠦ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠬᠤᠯᠪᠤᠭᠠᠯᠠᠨ ᠬᠥᠳᠡᠯᠦᠯᠴᠡᠬᠦ ᠪᠠᠷ ᠳᠠᠮᠵᠢᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠴᠢᠨᠠᠷ ᠰᠠᠶᠢᠲᠠᠢ ᠪᠠᠷ ᠭᠦᠢᠴᠡᠳ ᠠᠵᠢᠯ ᠣᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠪᠠ᠃ | ᠲᠣᠰ ᠤᠳᠠᠭᠠᠨ ᠤ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠨᠢ ︽ᠠᠵᠢᠯ ᠮᠡᠷᠭᠡᠵᠢᠯ ᠤᠨ ᠴᠢᠳᠠᠪᠤᠷᠢᠲᠠᠨ ᠢ ᠤᠷᠢᠬᠤ᠂ ᠭᠤᠸᠠᠩᠳᠦ᠋ᠩ ᠳᠤ | ᠴᠢᠳᠠᠪᠤᠷᠢᠲᠠᠨ ᠢ ᠴᠤᠭᠯᠠᠭᠤᠯᠬᠤ︾ ᠪᠠᠷ ᠭᠤᠣᠯ ᠰᠡᠳᠦᠪ ᠪᠣᠯᠭᠠᠪᠠ᠃ ᠭᠤᠸᠠᠩᠳᠦ᠋ᠩ ᠮᠤᠵᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠳ᠋ᠦ᠋ ᠮᠢᠨ ᠴᠢ᠂ ᠲᠤᠬᠠᠢ ᠶᠢᠨ ᠲᠠᠯᠠᠪᠠᠢ ᠳᠤ 5.12 ᠲᠦᠮᠡᠨ ᠠᠵᠢᠯ ᠤᠨ ᠪᠠᠶᠢᠷᠢ ᠬᠠᠩᠭᠠᠵᠤ᠂ ᠰᠦᠯᠵᠢᠶᠡᠨ ᠳᠡᠭᠡᠷ᠎ᠡ 50 | ᠲᠦᠮᠡ ᠭᠠᠷᠤᠢ ᠠᠵᠢᠯ ᠤᠨ ᠪᠠᠶᠢᠷᠢ ᠬᠠᠩᠭᠠᠵᠤ᠂ ᠵᠠᠯᠠᠭᠤᠴᠤᠳ ᠤᠨ ᠠᠵᠢᠯ ᠣᠯᠬᠤ ᠳᠤ ᠲᠠᠪᠴᠠᠩ ᠬᠠᠩᠭᠠᠵᠤ᠂ ᠠᠷᠭ᠎ᠠ ᠵᠠᠮ ᠢ ᠥᠷᠭᠡᠳᠬᠡᠵᠦ᠂ ᠲᠣᠬᠢᠷᠠᠭᠰᠠᠨ | ᠠᠵᠢᠯ ᠤᠨ ᠪᠠᠶᠢᠷᠢ ᠣᠯᠬᠤ ᠶᠢ ᠠᠬᠢᠭᠤᠯᠪᠠ ᠭᠡᠪᠡ᠃ | ᠠᠵᠢᠯᠲᠠᠨ ᠠᠵᠢᠯᠴᠢᠨ ᠡᠯᠰᠡᠬᠦ ᠴᠤᠭᠯᠠᠭᠠᠨ ᠤ ᠠᠬᠤᠢ ᠲᠠᠯᠠᠪᠠᠶ ᠳᠤ ᠢᠷᠡᠭᠰᠡᠨ ᠠᠵᠤ ᠠᠬᠤᠶᠢᠯᠠᠯ 1200 ᠶᠢ ᠳᠠᠪᠠᠪᠠ᠃ ᠡᠭᠦᠨ ᠳᠤ ᠲᠤᠮᠳᠠᠳᠤ | ᠤᠯᠤᠰ ᠤᠨ ᠭᠤᠸᠠᠩ ᠾᠧ ᠪᠦᠯᠦᠭᠯᠡᠯ ᠬᠢᠵᠠᠭᠠᠷᠲᠤ ᠺᠤᠮᠫᠠᠨᠢ᠂ ᠭᠤᠸᠠᠩ ᠰᠢᠨ ᠬᠤᠪᠢ ᠤᠷᠤᠭᠤᠯᠤᠯᠳᠠ ᠶᠢ ᠡᠷᠬᠡᠰᠢᠶᠡᠬᠦ ᠪᠦᠯᠦᠭᠯᠡᠯ ᠬᠢᠵᠠᠭᠠᠷᠲᠤ ᠺᠤᠮᠫᠠᠨᠢ ᠵᠡᠷᠭᠡ | ᠲᠥᠪ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠵᠦᠩ ᠱᠠᠨ ᠶᠡᠭᠡ ᠰᠤᠷᠭᠠᠭᠤᠯᠢ᠂ ᠫᠧᠩ ᠴᠧᠩ ᠲᠤᠷᠰᠢᠯᠲᠠ ᠶᠢᠨ ᠲᠠᠰᠤᠭ ᠵᠡᠷᠭᠡ ᠶᠡᠭᠡ ᠳᠡᠭᠡᠳᠦ | ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠬᠤᠸᠠ ᠸᠧᠢ᠂ ᠪᠢ ᠶᠠ ᠳ᠋ᠢ᠂ ᠲᠧᠩ ᠰᠢᠶᠦ᠋ᠨ᠂ ᠭᠧ ᠯᠢ᠂ ᠮᠧᠢ ᠳ᠋ᠢ ᠵᠡᠷᠭᠡ ᠠᠵᠤ | ᠠᠬᠤᠶᠢᠯᠠᠯ ᠵᠢᠴᠢ ᠠᠵᠤ ᠦᠢᠯᠡᠰ ᠤᠨ ᠬᠡᠯᠬᠢᠶ᠎ᠡ ᠶᠢᠨ ᠭᠤᠣᠯ ᠠᠵᠤ ᠠᠬᠤᠶᠢᠯᠠᠯ ᠵᠡᠷᠭᠡ ᠨᠢᠭᠡᠴᠢ ᠪᠠᠭᠲᠠᠵᠤ᠂ ᠲᠦᠮᠡ ᠭᠠᠷᠤᠢ ᠰᠢᠯᠢᠳᠡᠭ ᠠᠵᠢᠯ ᠤᠨ ᠪᠠᠶᠢᠷᠢ ᠬᠠᠩᠭᠠᠵᠤ | ᠲᠤᠬᠠᠢ ᠶᠢᠨ ᠲᠠᠯᠠᠪᠠᠢ ᠳᠤ ᠴᠢᠳᠠᠪᠤᠷᠢᠲᠠᠨ ᠢ ᠴᠤᠭᠯᠠᠭᠤᠯᠪᠠ᠃ | ᠠᠵᠢᠯᠲᠠᠨ ᠠᠵᠢᠯᠴᠢᠨ ᠡᠯᠰᠡᠬᠦ ᠲᠤᠬᠠᠢ ᠶᠢᠨ ᠲᠠᠯᠠᠪᠠᠶ ᠶᠢᠨ ᠪᠠᠶᠢᠳᠠᠯ ᠠᠴᠠ ᠦᠵᠡᠪᠡᠯ᠂ ᠡᠯᠧᠺᠲᠷᠣᠨ ᠮᠡᠳᠡᠭᠡ ᠵᠠᠩᠭᠢ᠂ ᠲᠡᠷᠢᠭᠦᠨ ᠤ ᠦᠢᠯᠡᠳᠬᠦ ᠦᠢᠯᠡᠰ᠂ | ᠡᠮᠴᠢᠯᠡᠭᠡᠨ ᠤ ᠠᠵᠢᠯ ᠲᠥᠷᠥᠯ ᠤᠨ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠲᠤᠭ᠎ᠠ ᠲᠦᠷᠦᠭᠦᠨ ᠳᠤ ᠤᠷᠤᠪᠠ; ᠠᠵᠢᠯ ᠤᠨ ᠪᠠᠶᠢᠷᠢ ᠨᠢ ᠰᠤᠷᠭᠠᠨ ᠬᠥᠮᠦᠵᠢᠯ᠂ | ᠡᠮ ᠡᠮᠨᠡᠯᠭᠡ᠂ ᠵᠣᠬᠢᠶᠠᠮᠠᠯ ᠣᠶᠤᠨ ᠴᠢᠳᠠᠪᠤᠷᠢ᠂ ᠮᠠᠰᠢᠨ ᠬᠥᠮᠥᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠤ ᠲᠥᠪᠯᠡᠷᠡᠵᠦ ᠪᠠᠶᠢᠨ᠎ᠠ᠃ ᠪᠣᠳᠠᠲᠠᠢ | ᠠᠵᠢᠯ ᠤᠨ ᠪᠠᠶᠢᠷᠢ ᠠᠴᠠ ᠦᠵᠡᠪᠡᠯ᠂ ᠢᠨᠵᠧᠨᠧᠷ ᠤᠨ ᠬᠡᠷᠡᠭᠴᠡᠭᠡ ᠶᠡᠭᠡ ᠪᠠᠶᠢᠵᠤ᠂ ᠰᠤᠳᠤᠯᠤᠨ ᠨᠡᠭᠡᠭᠡᠬᠦ᠂ ᠵᠢᠷᠤᠵᠤ ᠲᠥᠯᠥᠪᠯᠡᠬᠦ᠂ ᠵᠥᠭᠡᠯᠡᠨ ᠲᠣᠨᠤᠭ᠂ ᠬᠢᠨᠠᠨ ᠬᠡᠮᠵᠢᠯᠲᠡ᠂ | ᠦᠢᠯᠡᠳᠬᠦᠨ ᠵᠡᠷᠭᠡ ᠡᠯ᠎ᠡ ᠠᠵᠢᠯ ᠲᠦᠷᠦᠯ ᠢ ᠬᠠᠮᠤᠷᠴᠠᠢ᠃ | ᠭᠤᠸᠠᠩᠳᠦ᠋ᠩ ᠤᠨ ᠱᠧᠨ ᠦ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠲᠠᠷᠢᠬᠢ ᠮᠠᠰᠢᠨ ᠤ ᠵᠠᠯᠭᠠᠭᠠᠰᠤ ᠶᠢᠨ ᠦᠢᠯᠡᠳᠬᠦᠨ ᠢ | ᠰᠤᠳᠤᠯᠤᠨ ᠨᠡᠭᠡᠭᠡᠬᠦ ᠦᠢᠯᠡᠳᠪᠦᠷᠢᠯᠡᠬᠦ ᠠᠵᠢᠯ ᠬᠢᠵᠦ᠂ ᠣᠲᠣ ᠶᠠᠭ ᠬᠠᠲᠠᠭᠤ ᠲᠣᠨᠤᠭ ᠢ ᠰᠤᠳᠤᠯᠤᠨ ᠨᠡᠭᠡᠭᠡᠬᠦ ᠭᠤᠣᠯ ᠬᠠᠮᠢᠶᠠᠷᠤᠭᠴᠢ᠂ ᠳᠡᠭᠡᠳᠦ ᠵᠡᠷᠭᠡ ᠶᠢᠨ | ᠰᠢᠭᠢᠳᠭᠡᠯᠳᠦ ᠮᠠᠶ᠋ᠢᠭ ᠤᠨ ᠢᠨᠵᠧᠨᠧᠷ᠂ ᠮᠡᠳᠡᠷᠡᠯ ᠤᠨ ᠰᠢᠨᠵᠢᠯᠡᠬᠦ ᠤᠬᠠᠭᠠᠨᠲᠠᠨ ᠵᠡᠷᠭᠡ ᠶᠢ ᠡᠷᠢᠵᠦ ᠪᠠᠶᠢᠨ᠎ᠠ᠃ ᠠᠵᠤ ᠠᠬᠤᠶᠢᠯᠠᠯ ᠢ ᠡᠭᠦᠰᠬᠡᠨ ᠪᠠᠶᠢᠭᠤᠯᠤᠭᠴᠢ ᠵᠧᠩ | ᠬᠤᠢ᠂ ᠠᠵᠤ ᠠᠬᠤᠶᠢᠯᠠᠯ ᠶᠠᠭ ᠲᠦᠷᠭᠡᠨ ᠬᠥᠭᠵᠢᠯᠲᠡ ᠶᠢᠨ ᠬᠤᠭᠤᠴᠠᠭᠠᠨ ᠳᠤ ᠣᠷᠣᠰᠢᠵᠤ᠂ ᠵᠣᠷᠢᠭ ᠨᠢᠭᠡ ᠵᠣᠷᠢᠯᠲᠠ ᠠᠳᠠᠯᠢ ᠬᠥᠮᠥᠰ ᠪᠠᠴᠢᠮ ᠱᠠᠭᠠᠷᠳᠠᠭᠳᠠᠵᠤ | ᠪᠠᠶᠢᠨ᠎ᠠ᠂ ︽ᠤᠷᠢᠵᠤ ᠡᠯᠰᠡᠬᠦ ᠳᠤ ᠬᠢᠵᠠᠭᠠᠷᠯᠠᠯ ᠪᠠᠶᠢᠬᠤ ᠦᠭᠡᠢ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠪᠠᠶᠢᠵᠤ᠂ ᠰᠤᠳᠤᠯᠤᠨ | ᠨᠡᠭᠡᠭᠡᠬᠦ ᠲᠦᠷᠦᠯ ᠵᠦᠢᠯ ᠤᠨ ᠠᠵᠢᠯ ᠢ ᠡᠭᠦᠷᠭᠡᠯᠡᠵᠦ ᠳᠡᠶᠢᠯᠳᠡᠭ ᠯᠡ ᠶᠤᠮ ᠪᠣᠯ ᠪᠢᠳᠡ ᠪᠦᠷ ᠪᠠᠶᠠᠷᠯᠠᠨ ᠤᠭᠲᠤᠨ᠎ᠠ︾ ᠭᠡᠪᠡ᠃ | ᠮᠦᠨᠢᠺ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠯᠢᠦ ᠰᠧ ᠯᠧᠢ ᠲᠤᠰᠬᠠᠶᠢᠯᠠᠨ ᠭᠧᠷᠮᠠᠨ ᠠᠴᠠ ᠢᠷᠡᠵᠦ ᠠᠵᠢᠯᠲᠠᠨ ᠠᠵᠢᠯᠴᠢᠨ ᠡᠯᠰᠡᠬᠦ | ᠴᠤᠭᠯᠠᠭᠠᠨ ᠳᠤ ᠣᠷᠣᠯᠴᠠᠪᠠ᠂ ᠲᠡᠭᠦᠨ ᠤ ᠰᠤᠷᠤᠯᠴᠠᠬᠤ ᠴᠢᠭᠯᠡᠯ ᠪᠣᠯ ᠮᠠᠰᠢᠨ ᠬᠥᠮᠥᠨ᠂ ᠲᠠᠨᠢᠨ ᠮᠡᠳᠡᠬᠦᠢ ᠪᠠ ᠣᠶᠤᠨᠲᠤ ᠮᠡᠷᠭᠡᠵᠢᠯ ᠪᠣᠯᠣᠨ᠎ᠠ᠃ ᠲᠡᠷᠡ᠂ ᠤᠯᠤᠰ ᠤᠨ | ᠳᠣᠲᠣᠭᠠᠳᠤ ᠳᠤ ᠵᠣᠬᠢᠶᠠᠮᠠᠯ ᠤᠶᠤᠨ ᠴᠢᠳᠠᠪᠤᠷᠢ ᠶᠢ ᠶᠡᠭᠡ ᠪᠠᠷ ᠬᠥᠭᠵᠢᠭᠦᠯᠵᠦ ᠪᠠᠶᠢᠨ᠎ᠠ᠂ ᠠᠵᠠ ᠲᠣᠭᠢᠶᠠᠯ ᠤᠯᠠᠨ᠂ ᠲᠠᠪᠴᠠᠩ ᠥᠷᠭᠡᠨ ᠠᠭᠤᠳᠠᠮ᠂ ᠪᠦᠯᠭᠦᠮ | ᠰᠢᠯᠢᠳᠡᠭ᠂ ᠴᠢᠳᠠᠪᠤᠷᠢᠲᠠᠨ ᠤ ᠲᠦᠷᠭᠡᠨ ᠦᠰᠦᠨ ᠪᠣᠶᠢᠵᠢᠬᠤ ᠳᠤ ᠠᠰᠢᠭᠲᠠᠢ ᠭᠡᠪᠡ᠃ ᠲᠣᠰ ᠤᠳᠠᠭᠠᠨ ᠤ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠶᠢ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠰᠤᠷᠭᠠᠨ ᠬᠥᠮᠦᠵᠢᠯ ᠤᠨ ᠶᠠᠮᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠤᠸᠠᠩᠳᠦ᠋ᠩ ᠮᠤᠵᠢ ᠶᠢᠨ ᠬᠤᠷᠢᠶ᠎ᠠ᠂ ᠭᠤᠸᠠᠩᠳᠦ᠋ᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠤᠸᠠᠩᠳᠦ᠋ᠩ ᠮᠤᠵᠢ ᠶᠢᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠭᠤᠸᠠᠩᠳᠦ᠋ᠩ | ᠮᠤᠵᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠤᠯᠠᠨ ᠰᠠᠯᠠᠭ᠎ᠠ ᠮᠥᠴᠢᠷ ᠬᠠᠮᠲᠤᠷᠠᠨ ᠳᠠᠭᠠᠭᠠᠨ ᠡᠷᠭᠢᠯᠡᠪᠡ᠃ | | | |