ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ  ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ  ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/4/17
      4 ᠰᠠᠷ᠎ᠠ ᠶᠢᠨ 11᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠳᠦᠮᠵᠢ ᠪᠣᠯᠣᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ ᠬᠥᠷᠰᠢ ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠣᠨ ᠰᠡᠳᠬᠢᠮᠵᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ᠂ ᠰᠢᠨ᠎ᠡ ᠠᠶᠠᠨ ᠳᠤ ᠬᠥᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠳᠤ ᠤᠷᠤᠭᠰᠢᠯᠠᠬᠤ ᠴᠢᠭᠯᠡᠯ ᠢ ᠵᠢᠭᠠᠵᠤ ᠥᠭᠴᠡᠢ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠶᠢ ᠡᠷᠡᠰ ᠳᠠᠭᠠᠵᠤ ᠲᠡᠭᠦᠨ ᠳᠤ ᠦᠢᠯᠡᠴᠢᠯᠡᠨ᠂ ᠬᠥᠷᠰᠢ ᠵᠡᠷᠭᠡᠯᠡᠳᠡᠭᠡ ᠶᠢᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾᠎ ᠢ ᠬᠦᠷᠢᠶᠡᠯᠡᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠢ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠡᠵᠡᠮᠳᠡᠵᠦ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ ᠬᠥᠷᠰᠢ ᠵᠡᠷᠭᠡᠯᠡᠳᠡᠭᠡ ᠤᠯᠤᠰ ᠤᠳ ᠤᠨ ᠬᠤᠯᠪᠣᠭᠳᠠᠯ ᠪᠦᠬᠦᠢ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠵᠢᠴᠢ ᠰᠣᠶᠣᠯ᠂ ᠵᠢᠭᠤᠯᠴᠢᠯᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠣᠭᠤᠭᠠᠷᠠᠭᠤᠯᠤᠯᠲᠠ ᠶᠢ ᠥᠷᠭᠡᠳᠬᠡᠵᠦ ᠨᠣᠭᠤᠭᠠᠷᠠᠭᠤᠯᠤᠯᠲᠠ ᠶᠢ ᠬᠥᠭᠵᠢᠭᠦᠯᠵᠦ ᠨᠣᠭᠤᠭᠠᠷᠠᠭᠤᠯᠤᠯᠲᠠ ᠶᠢ ᠬᠠᠮᠠᠭᠠᠯᠠᠬᠤ ︽ᠭᠤᠷᠪᠠᠨ ᠨᠣᠭᠤᠭᠠᠷᠠᠭᠤᠯᠤᠯᠲᠠ︾᠎ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ ᠮᠣᠳᠣ ᠲᠠᠷᠢᠵᠤ ᠣᠶᠢᠵᠢᠭᠤᠯᠬᠤ ᠶᠢ ᠠᠬᠢᠭᠤᠯᠵᠤ᠂ ᠣᠨᠴᠠᠯᠢᠭᠲᠤ ᠤᠢ ᠰᠢᠭᠤᠢ ᠡᠪᠡᠰᠦᠨ ᠤ ᠠᠵᠤ ᠦᠢᠯᠡᠰ ᠢ ᠲᠦᠷᠭᠡᠳᠬᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠰᠦᠢᠳᠬᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠦᠴᠦᠲᠡᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠥᠪᠥᠷ ᠮᠣᠩᠭᠤᠯ ᠤᠨ ᠨᠣᠭᠤᠭᠠᠨ ᠳᠡᠪᠢᠰᠬᠡᠷ ᠥᠩᠭᠡ ᠶᠢ ᠨᠡᠩ ᠭᠦᠨ ᠪᠤᠯᠭᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠠᠢ ᠤᠶᠠᠯᠳᠤᠭᠤᠯᠤᠨ᠂ ᠣᠯᠠᠨ ᠬᠡᠯᠪᠡᠷᠢ ᠮᠠᠶ᠋ᠢᠭ ᠪᠦᠬᠦᠢ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠪᠠ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠵᠡᠷᠭᠡ ᠰᠠᠶᠢᠨ ᠲᠣᠭᠲᠠᠴᠠ ᠰᠠᠶᠢᠨ ᠠᠷᠭ᠎ᠠ ᠬᠢᠳᠡᠯ ᠢ ᠰᠠᠶᠢᠲᠤᠷ ᠬᠡᠷᠡᠭᠯᠡᠵᠦ᠂ ᠣᠯᠠᠨ ᠲᠦᠮᠡᠨ ᠳᠤ ᠨᠠᠩ ᠳᠥᠭᠦᠮ ᠲᠦᠷᠭᠡᠨ ᠥᠨᠳᠥᠷ ᠪᠦᠲᠦᠮᠵᠢᠲᠡᠶ ᠦᠢᠯᠡᠴᠢᠯᠡᠵᠦ᠂ ᠦᠨᠳᠦᠰᠦᠨ ᠱᠠᠲᠤᠨ ᠤ ᠵᠥᠷᠢᠴᠡᠯ ᠵᠠᠭᠤᠷᠠᠯᠳᠤᠭᠠᠨ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃        
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ