ᠠᠭᠠᠷ ᠤᠨ ᠳᠤᠯᠠᠭᠠᠨ ᠤ ᠬᠡᠮᠵᠢᠶ᠎ᠡ 25℃ ᠣᠷᠴᠢᠮ ᠬᠦᠷᠲᠡᠯ᠎ᠡ ᠳᠡᠭᠡᠭᠰᠢᠯᠡᠬᠦ ᠪᠠᠷ ᠪᠠᠶᠢᠨ᠎ᠠ︕ ᠭᠤᠣᠯ ᠪᠣᠯᠬᠤ ᠬᠤᠲᠠᠳ ᠤᠨ ᠢᠷᠡᠬᠦ 72 ᠴᠠᠭ ᠲᠠᠬᠢ ᠴᠠᠭ ᠠᠭᠤᠷ ᠤᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2025/4/17
      ᠥᠪᠥᠷ ᠮᠣᠩᠭᠤᠯ ᠤᠨ ᠴᠠᠭ ᠠᠭᠤᠷ ᠤᠨ ᠲᠣᠪᠴᠢᠶᠠᠨ ᠤ ᠵᠢᠱᠢᠯᠲᠡ ᠪᠠᠷ᠂ ᠥᠨᠥᠳᠥᠷ ᠮᠠᠷᠭᠠᠰᠢ ᠬᠤᠶᠠᠷ ᠡᠳᠦᠷ ᠲᠤ᠂ ᠥᠪᠥᠷ ᠮᠣᠩᠭᠤᠯ ᠤᠨ ᠶᠡᠬᠡᠩᠬᠢ ᠬᠡᠰᠡᠭ ᠭᠠᠵᠠᠷ ᠤᠨ ᠠᠭᠠᠷ ᠤᠨ ᠳᠤᠯᠠᠭᠠᠨ ᠳᠡᠭᠡᠭᠰᠢᠯᠡᠵᠦ᠂ ᠳᠤᠮᠳᠠ ᠪᠠᠷᠠᠭᠤᠨ ᠬᠡᠰᠡᠭ ᠭᠠᠵᠠᠷ ᠤᠨ ᠭᠤᠣᠯ ᠪᠣᠯᠬᠤ ᠬᠤᠲᠠ ᠪᠠᠯᠭᠠᠰᠤᠨ ᠤ ᠠᠭᠠᠷ ᠤᠨ ᠳᠤᠯᠠᠭᠠᠨ ᠤ ᠬᠠᠮᠤᠭ ᠤᠨ ᠥᠨᠳᠥᠷ ᠬᠡᠮᠵᠢᠶ᠎ᠡ 24 - 27℃ ᠲᠤ ᠬᠦᠷᠴᠦ᠂ ᠰᠥᠨᠢ ᠶᠢᠨ ᠠᠭᠠᠷ ᠤᠨ ᠳᠤᠯᠠᠭᠠᠨ ᠤ ᠬᠡᠮᠵᠢᠶ᠎ᠡ 10℃ ᠣᠷᠴᠢᠮ ᠪᠣᠯᠲᠠᠯ᠎ᠠ ᠳᠡᠭᠡᠭᠰᠢᠯᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ