ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠬᠢᠨ ᠰᠢᠶᠠᠩᠭᠠᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠶᠢᠨ ᠵᠥᠩ ᠱᠠᠨ ᠬᠤᠲᠠ ᠶᠢᠨ ᠰᠢᠶᠠᠩᠭᠠᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ | ᠰᠤᠷᠭᠠᠭᠤᠯᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠭᠠᠨ ᠤ ᠬᠦᠷᠢᠶᠡᠯᠡᠩ ᠯᠦᠭᠡ ᠣᠶᠢᠷ᠎ᠠ ᠳᠤ ᠵᠥᠪᠯᠡᠯᠴᠡᠭᠡᠷ ᠲᠣᠬᠢᠷᠠᠯᠴᠠᠵᠤ᠂ ︽ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠭᠡᠨ ᠤ ᠬᠤᠯᠪᠣᠭᠠᠯᠠᠭᠰᠠᠨ ᠲᠤᠷᠰᠢᠯᠲᠠ ᠶᠢᠨ ᠲᠠᠰᠤᠭ︾ ᠢ ᠬᠠᠮᠲᠤ ᠪᠠᠷ ᠪᠠᠶᠢᠭᠤᠯᠪᠠ᠃ ᠡᠷᠳᠡᠮ | ᠰᠢᠨᠵᠢᠯᠡᠭᠡᠨ ᠤ ᠲᠦᠷᠦᠯ ᠵᠦᠢᠯ ᠤᠨ ᠰᠢᠪᠲᠤᠯᠤᠯᠲᠠ ᠶᠢᠨ ᠲᠠᠯ᠎ᠠ ᠪᠠᠷ᠂ ᠬᠤᠶᠠᠷ ᠲᠠᠯ᠎ᠠ ᠪᠠᠷ ᠢᠶᠠᠨ ᠡᠮᠴᠢᠯᠡᠭᠡᠨ ᠳᠤ ᠬᠡᠷᠡᠭᠯᠡᠬᠦ᠂ ᠭᠡᠷᠡᠯ ᠭᠠᠷᠭᠠᠬᠤ ᠵᠡᠷᠭᠡ ᠬᠤᠪᠣᠷ | ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠵᠢᠷᠤᠭ ᠲᠥᠯᠥᠪᠯᠡᠭᠡ ᠶᠢᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠶᠢᠨ ᠬᠦᠷᠢᠶᠡᠨ ᠳᠤ ᠭᠤᠣᠯᠳᠠᠯᠭ᠎ᠠ ᠲᠠᠢ | ᠲᠥᠪᠯᠡᠷᠡᠭᠦᠯᠵᠦ᠂ ᠤᠯᠤᠰ ᠤᠨ ᠳᠡᠰ᠂ ᠮᠤᠵᠢ ᠶᠠᠮᠤᠨ ᠤ ᠲᠡᠰ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠬᠤᠯᠪᠤᠭᠠᠯᠠᠨ ᠭᠤᠶᠤᠴᠢᠯᠠᠨ ᠮᠡᠳᠡᠭᠦᠯᠵᠦ᠂ | ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠲᠤᠷᠰᠢᠯᠲᠠ ᠶᠢᠨ ᠪᠡᠯᠡᠳᠬᠡᠮᠵᠢ᠂ ᠳ᠋ᠠᠶᠢᠲ᠋ᠠ ᠵᠢᠴᠢ ᠮᠡᠷᠭᠡᠵᠢᠯ ᠤᠨ ᠡᠬᠢ | ᠪᠠᠶᠠᠯᠢᠭ ᠢ ᠬᠠᠮᠲᠤ ᠪᠠᠷ ᠬᠦᠷᠲᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠡᠷᠬᠢᠯᠡᠵᠦ᠂ ᠡᠷᠳᠡᠮ ᠰᠢᠨᠵᠢᠯᠡᠭᠡᠨ ᠤ | ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠶᠢ ᠠᠬᠢᠭᠤᠯᠤᠨ᠎ᠠ᠃ ᠴᠢᠳᠠᠪᠤᠷᠢᠲᠠᠨ ᠢ ᠬᠥᠮᠥᠵᠢᠭᠦᠯᠬᠦ ᠲᠠᠯ᠎ᠠ ᠪᠠᠷ᠂ ᠮᠠᠰᠲ᠋ᠧᠷ᠂ ᠳ᠋ᠣᠺᠲ᠋ᠣᠷᠠᠨᠲ ᠢ | ᠬᠤᠯᠪᠤᠭᠠᠯᠠᠨ ᠬᠥᠮᠥᠵᠢᠭᠦᠯᠵᠦ᠂ ︽ᠬᠤᠣᠰ ᠵᠢᠯᠣᠭᠤᠳᠤᠭᠴᠢ ᠪᠠᠭᠰᠢ ᠶᠢᠨ ᠳᠦᠷᠢᠮ︾ ᠢ ᠬᠡᠷᠡᠭᠵᠢᠭᠦᠯᠵᠦ᠂ ᠰᠤᠷᠤᠭᠴᠢᠳ ᠢ ᠬᠤᠶᠠᠷ ᠲᠠᠯ᠎ᠠ ᠶᠢᠨ ᠡᠷᠳᠡᠮ ᠰᠢᠨᠵᠢᠯᠡᠭᠡᠨ ᠤ | ᠲᠥᠷᠥᠯ ᠵᠦᠢᠯ ᠵᠢᠴᠢ ᠳᠠᠳᠤᠯᠭ᠎ᠠ ᠦᠢᠯᠡᠳᠦᠯᠭᠡ ᠳᠤ ᠣᠷᠣᠯᠴᠠᠭᠤᠯᠬᠤ ᠪᠠᠷ ᠤᠷᠢᠳ ᠢᠶᠠᠷ ᠲᠠᠨᠢᠯᠴᠠᠭᠤᠯᠬᠤ ᠶᠢᠨ ᠬᠠᠮᠲᠤ ᠰᠢᠯᠢᠳᠡᠭ ᠰᠤᠷᠤᠭᠴᠢᠳ ᠢ ᠬᠠᠷᠢᠯᠴᠠᠨ | ᠲᠣᠮᠢᠯᠠᠵᠤ ᠳᠠᠳᠤᠯᠭ᠎ᠠ ᠦᠢᠯᠡᠳᠦᠯᠭᠡ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠯᠭᠡᠬᠦ ᠪᠤᠶᠤ ᠬᠤᠯᠪᠤᠭᠠᠯᠠᠨ ᠬᠥᠮᠥᠵᠢᠭᠦᠯᠬᠦ ᠠᠵᠢᠯ ᠢ ᠥᠷᠨᠢᠭᠦᠯᠦᠨ᠎ᠡ᠃ ᠪᠠᠭᠰᠢ | ᠨᠠᠷ ᠤᠨ ᠬᠠᠷᠢᠯᠴᠠᠨ ᠠᠶᠢᠯᠴᠢᠯᠠᠬᠤ ᠪᠠ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠬᠦ ᠲᠠᠯ᠎ᠠ ᠪᠠᠷ᠂ ᠵᠢᠯ ᠪᠦᠷᠢ 2 - 3 ᠪᠠᠭᠰᠢ ᠪᠤᠶᠤ ᠰᠤᠳᠤᠯᠤᠭᠴᠢ ᠶᠢ ᠬᠠᠷᠢᠯᠴᠠᠨ | ᠲᠣᠮᠢᠯᠠᠵᠤ ᠰᠤᠷᠪᠤᠯᠵᠢᠯᠠᠨ᠂ ᠵᠢᠭᠠᠨ ᠰᠤᠷᠭᠠᠯᠲᠠ᠂ ᠡᠷᠳᠡᠮ ᠰᠢᠨᠵᠢᠯᠡᠭᠡᠨ ᠵᠢᠴᠢ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠳᠤ ᠣᠷᠣᠯᠴᠠᠭᠤᠯᠬᠤ ᠪᠠᠷ ᠲᠥᠯᠥᠪᠯᠡᠵᠦ᠂ | ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ᠂ ᠮᠡᠷᠭᠡᠵᠢᠯ ᠤᠨ ᠪᠣᠯᠪᠠᠰᠤᠷᠠᠯ ᠵᠢᠴᠢ ᠠᠵᠤ ᠦᠢᠯᠡᠰ ᠤᠨ ᠶᠠᠷᠢᠶᠠᠨ ᠤ ᠲᠠᠪᠴᠠᠩ ᠢ ᠬᠤᠯᠪᠤᠭᠠᠯᠠᠨ ᠡᠷᠬᠢᠯᠡᠵᠦ᠂ | ᠬᠤᠶᠠᠷ ᠲᠠᠯ᠎ᠠ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠤᠳᠤᠯᠤᠨ ᠨᠡᠭᠡᠭᠡᠯᠲᠡ ᠪᠠ ᠬᠡᠷᠡᠭᠯᠡᠭᠡᠨ ᠤ ᠬᠦᠷᠢᠶᠡᠨ ᠳᠠᠬᠢ ᠡᠷᠳᠡᠮ ᠰᠢᠨᠵᠢᠯᠡᠭᠡᠨ ᠤ ᠨᠥᠯᠥᠭᠡᠯᠡᠬᠦ | ᠬᠦᠴᠦᠨ ᠢ ᠳᠡᠭᠡᠭᠰᠢᠯᠡᠭᠦᠯᠦᠨ᠎ᠡ᠃ ︵ᠰᠤᠷᠭᠠᠨ ᠬᠥᠮᠦᠵᠢᠯ ᠤᠨ ᠲᠢᠩᠬᠢᠮ︶ | | |