︽DeepSeek + ᠵᠠᠰᠠᠭ ᠤᠨ ᠶᠠᠪᠤᠳᠠᠯ ᠤᠨ ᠦᠢᠯᠡᠴᠢᠯᠡᠭᠡᠨ︾ ᠤ ᠲᠠᠯ᠎ᠠ ᠪᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1693 ᠵᠦᠢᠯᠡᠰ ᠢ | DeepSeek ᠤᠨ ᠠᠷᠤ ᠲᠠᠪᠴᠠᠩ ᠤᠨ ᠳ᠋ᠠᠶᠢᠲ᠋ᠠ ᠶᠢᠨ ᠬᠥᠮᠥᠷᠭᠡ ᠳᠤ ᠵᠠᠯᠭᠠᠨ ᠣᠷᠣᠭᠤᠯᠵᠤ᠂ ᠬᠡᠷᠡᠭᠯᠡᠭᠴᠢᠳ ᠸᠢᠴᠠᠲ ᠤᠨ ᠣᠯᠠᠨ ᠨᠡᠶᠢᠲᠡ ᠶᠢᠨ ᠲᠠᠪᠴᠠᠩ ᠤᠨ | ᠵᠢᠵᠢᠭ ᠫᠷᠣᠭ᠍ᠷᠠᠮ ᠢᠶᠠᠷ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠤᠨ ᠵᠠᠮᠴᠢᠯᠠᠯ ᠵᠡᠷᠭᠡ ᠣᠶᠤᠨᠴᠢ ᠦᠢᠯᠡᠴᠢᠯᠡᠭᠡ ᠶᠢ ᠴᠠᠭ ᠲᠤᠬᠠᠢ ᠳᠤ ᠨᠢ ᠬᠦᠷᠲᠡᠵᠦ ᠪᠣᠯᠣᠨ᠎ᠠ᠃ | ︽DeepSeek + ᠡᠮᠴᠢᠯᠡᠭᠡᠨ ᠤ ᠦᠢᠯᠡᠴᠢᠯᠡᠭᠡᠨ︾ ᠤ ᠲᠠᠯ᠎ᠠ ᠪᠠᠷ᠂ DeepSeek-R1 ᠠᠨᠠᠭᠠᠬᠤ ᠤᠬᠠᠭᠠᠨ ᠤ ᠲᠣᠮᠣ ᠵᠠᠭᠪᠤᠷ ᠢ ᠡᠮᠨᠡᠯᠭᠡ ᠶᠢᠨ | ᠬᠤᠷᠢᠶᠠᠨ ᠤ HIS ᠰᠢᠰᠲ᠋ᠧᠮ ᠯᠦᠭᠡ ᠭᠦᠨᠵᠡᠭᠡᠢ ᠵᠣᠯᠭᠠᠭᠤᠯᠬᠤ ᠶᠢ ᠠᠬᠢᠭᠤᠯᠵᠤ᠂ ᠡᠯᠧᠺᠲᠷᠣᠨ ᠡᠪᠡᠳᠴᠢᠨ ᠤ ᠲᠡᠦᠬᠡ᠂ ᠰᠡᠭᠦᠳᠡᠷ ᠳᠦᠷᠰᠦ ᠶᠢᠨ ᠮᠡᠳᠡᠭᠦᠯᠦᠯᠲᠡ᠂ | ᠰᠢᠯᠭᠠᠨ ᠪᠠᠶᠢᠴᠠᠭᠠᠭᠰᠠᠨ ᠳ᠋ᠠᠶᠢᠲ᠋ᠠ ᠵᠡᠷᠭᠡ ᠣᠯᠠᠨ ᠬᠡᠮᠵᠢᠯᠲᠦ ᠮᠡᠳᠡᠭᠡ ᠵᠠᠩᠭᠢ ᠶᠢ ᠨᠡᠶᠢᠳᠬᠡᠬᠦ ᠪᠠᠷ ᠳᠠᠮᠵᠢᠭᠤᠯᠤᠨ᠂ ᠡᠪᠡᠳᠴᠢᠲᠡᠨ ᠤ ᠡᠷᠡᠭᠦᠯ ᠮᠡᠨᠳᠦ ᠶᠢᠨ ᠳᠦᠷᠰᠦ | ᠵᠢᠷᠤᠭ ᠢ ᠪᠣᠢ ᠪᠣᠯᠭᠠᠵᠤ᠂ ᠨᠠᠷᠢᠨ ᠪᠤᠳᠤᠯᠢᠶᠠᠨᠲᠠᠢ ᠡᠪᠡᠳᠴᠢᠨ ᠤ ᠵᠢᠱᠢᠶ᠎ᠡ ᠳᠤ ᠨᠠᠷᠢᠯᠢᠭ ᠣᠨᠣᠴᠠᠲᠠᠢ ᠪᠠᠷ ᠣᠨᠣᠰᠢᠯᠠᠨ ᠡᠮᠨᠡᠬᠦ ᠲᠥᠰᠥᠯ ᠰᠠᠨᠠᠭᠤᠯᠭ᠎ᠠ ᠬᠠᠩᠭᠠᠨ᠎ᠠ᠃ | ︽DeepSeek + ᠵᠠᠰᠠᠭ ᠤᠨ ᠶᠠᠪᠤᠳᠠᠯ ᠤᠨ ᠠᠯᠪᠠᠨ ᠠᠵᠢᠯ︾ ᠤᠨ ᠲᠠᠯ᠎ᠠ ᠪᠠᠷ᠂ ᠳ᠋ᠣᠺ ᠤᠨ ᠣᠶᠤᠨᠴᠢ ᠰᠢᠢᠳᠪᠦᠷᠢᠯᠡᠯᠲᠡ᠂ ᠳ᠋ᠠᠶᠢᠲ᠋ᠠ ᠶᠢᠨ ᠦᠵᠡᠭᠳᠡᠬᠦᠶᠢᠴᠡ | ᠵᠠᠳᠠᠯᠤᠯᠲᠠ ᠵᠢᠴᠢ ᠡᠳᠦᠷ ᠲᠤᠲᠤᠮ ᠤᠨ ᠠᠯᠪᠠᠯᠠᠬᠤ ᠪᠠᠭᠠᠵᠢ ᠶᠢᠨ ᠨᠡᠭᠡᠭᠡᠨ ᠬᠥᠭᠵᠢᠭᠦᠯᠦᠯᠲᠡ ᠵᠡᠷᠭᠡ ᠥᠨᠳᠥᠷ ᠳᠠᠪᠲᠠᠮᠵᠢᠲᠤ ᠠᠵᠢᠯᠯᠠᠬᠤ ᠲᠠᠯᠠᠪᠤᠷ ᠤᠨ | ᠲᠣᠭᠤᠷᠢᠨ ᠳᠤ᠂ DeepSeek ᠤᠨ ᠲᠣᠮᠣ ᠵᠠᠭᠪᠤᠷ ᠤᠨ ᠬᠡᠷᠡᠭᠯᠡᠭᠡᠨ ᠤ ᠲᠤᠰᠬᠠᠢ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠠᠯᠪᠠᠨ ᠠᠵᠢᠯ ᠤᠨ ᠰᠢᠰᠲ᠋ᠧᠮ ᠤᠨ | ᠠᠵᠢᠯᠲᠠᠳ ᠤᠨ ᠵᠣᠬᠢᠶᠠᠮᠠᠯ ᠣᠶᠣᠨ ᠤ ᠮᠡᠷᠭᠡᠵᠢᠯ ᠢ ᠬᠡᠷᠡᠭᠯᠡᠬᠦ ᠪᠣᠳᠠᠲᠤ ᠠᠵᠢᠯᠯᠠᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠪᠣᠯᠣᠨ᠎ᠠ᠃ ︵ᠤᠯᠠᠭᠠᠨᠬᠠᠳᠠ ᠬᠤᠲᠠ ᠶᠢᠨ | ᠵᠠᠰᠠᠭ ᠤᠨ ᠣᠷᠳᠣᠨ︶ | | |