ᠣᠷᠣᠨ ᠪᠦᠰᠡ ᠠᠯᠤᠰᠯᠠᠭᠰᠠᠨ ᠬᠠᠮᠲᠤᠷᠠᠯᠴᠠᠭ᠎ᠠ ᠶᠢ ᠥᠷᠨᠢᠭᠦᠯᠵᠦ᠂ ᠨᠢᠩᠰᠢᠶᠠ ᠵᠡᠷᠭᠡ ᠭᠠᠵᠠᠷ ᠤᠨ ᠲᠣᠮᠣ ᠬᠡᠯᠪᠡᠷᠢ ᠶᠢᠨ ᠡᠮᠨᠡᠯᠭᠡ ᠶᠢᠨ | ᠬᠤᠷᠢᠶ᠎ᠠ ᠨᠤᠭᠤᠳ ᠲᠠᠢ ᠬᠠᠮᠵᠢᠯᠴᠠᠭ᠎ᠠ ᠪᠠᠨ ᠭᠦᠨᠵᠡᠭᠡᠶᠢᠷᠡᠭᠦᠯᠦᠨ᠂ ᠯᠠᠨᠵᠧᠦ᠂ ᠹᠦᠵᠧᠦ᠂ ᠪᠡᠭᠡᠵᠢᠩ ᠤᠨ ᠳ᠋ᠠ ᠰᠢᠩ ᠲᠣᠭᠤᠷᠢᠭ ᠵᠢᠴᠢ ᠱᠠᠩᠬᠠᠢ ᠵᠡᠷᠭᠡ ᠭᠠᠵᠠᠷ ᠤᠨ | ᠡᠮᠴᠢᠯᠡᠭᠡᠨ ᠤ ᠪᠠᠶᠢᠭᠤᠯᠤᠮᠵᠢ ᠨᠤᠭᠤᠳ ᠯᠤᠭ᠎ᠠ ᠨᠢᠭᠲᠠ ᠬᠠᠷᠢᠯᠴᠠᠭ᠎ᠠ ᠪᠠᠶᠢᠭᠤᠯᠪᠠ᠃ ᠣᠳᠣᠬᠠᠨ ᠪᠣᠯᠲᠠᠯ᠎ᠠ᠂ ᠪᠥᠬᠦ ᠠᠶᠢᠮᠠᠭ ᠤᠨ ᠬᠤᠶᠠᠳᠤᠭᠠᠷ ᠳᠡᠰ ᠠᠴᠠ ᠳᠡᠭᠡᠭᠰᠢᠬᠢ | ᠡᠮᠴᠢᠯᠡᠭᠡᠨ ᠤ ᠪᠠᠶᠢᠭᠤᠯᠤᠮᠵᠢ ᠨᠤᠭᠤᠳ ᠨᠢᠭᠡᠨᠲᠡ ᠣᠷᠣᠨ ᠤ ᠳᠣᠲᠣᠷ᠎ᠠ ᠭᠠᠳᠠᠨᠠᠬᠢ ᠭᠤᠷᠪᠠᠳᠤᠭᠠᠷ ᠳᠡᠰ ᠤᠨ 31 ᠡᠮᠨᠡᠯᠭᠡ ᠶᠢᠨ ᠬᠤᠷᠢᠶ᠎ᠠ ᠯᠤᠭ᠎ᠠ ᠲᠤᠬᠠᠶᠢᠯᠠᠭᠰᠠᠨ | ᠠᠵᠢᠯ ᠤᠨ ᠬᠠᠷᠢᠯᠴᠠᠭ᠎ᠠ ᠪᠠᠶᠢᠭᠤᠯᠵᠤ᠂ ᠡᠮᠨᠡᠯᠭᠡ ᠶᠢᠨ ᠬᠤᠷᠢᠶᠠᠨ ᠤ ᠬᠤᠭᠤᠷᠣᠨᠳᠣᠬᠢ ᠬᠠᠮᠲᠤᠷᠠᠯᠴᠠᠭᠠᠨ ᠤ ᠵᠥᠪᠯᠡᠯᠴᠡᠭᠡᠷ ᠢ 29 ᠬᠤᠪᠢ ᠲᠣᠭᠲᠠᠵᠤ᠂ 147 ᠨᠡᠷ᠎ᠡ | ᠡᠷᠬᠡ ᠰᠦᠷᠲᠦ ᠲᠤᠰᠬᠠᠢ ᠮᠡᠷᠭᠡᠵᠢᠯᠲᠡᠨ ᠢ ᠣᠨᠴᠠᠭᠠᠶᠢᠯᠠᠨ ᠤᠷᠢᠭᠠᠳ ᠪᠠᠶᠢᠨ᠎ᠠ᠂ ᠴᠢᠰᠤᠨ ᠰᠤᠳᠠᠯ ᠤᠨ ᠭᠠᠳᠠᠷ ᠰᠠᠯᠠᠭ᠎ᠠ᠂ ᠰᠢᠩᠭᠡᠭᠡᠯᠲᠡ ᠶᠢᠨ ᠳᠣᠲᠣᠷ ᠰᠠᠯᠠᠭ᠎ᠠ᠂ | ᠬᠥᠩᠭᠡᠵᠢᠭᠦᠯᠬᠦ ᠰᠠᠯᠠᠭᠠᠨ ᠤ ᠲᠤᠰᠬᠠᠢ ᠮᠡᠷᠭᠡᠵᠢᠯᠲᠡᠨ ᠤ ᠪᠦᠯᠬᠦᠮ ᠤᠨ ᠠᠵᠢᠯ ᠤᠨ ᠥᠷᠲᠡᠭᠡ ᠶᠢ 3᠂ ᠪᠥᠬᠦ ᠤᠯᠤᠰ ᠤᠨ ᠨᠠᠷᠠᠲᠤ ᠮᠣᠩᠭᠤᠯ ᠡᠮᠴᠢ ᠶᠢᠨ ᠠᠵᠢᠯ ᠤᠨ | ᠲᠠᠰᠤᠭ ᠢ 4 ᠪᠠᠶᠢᠭᠤᠯᠵᠤ᠂ 14 ᠨᠡᠷ᠎ᠡ ᠤᠯᠠᠮᠵᠢᠯᠠᠭᠴᠢ ᠶᠢ ᠭᠥᠯᠢᠶᠡᠨ ᠠᠪᠤᠪᠠ᠃ ᠬᠤᠷᠰᠢᠭᠰᠠᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠳ ᠲᠣᠭᠲᠠᠮᠠᠯ | ᠬᠤᠭᠤᠴᠠᠭ᠎ᠠ ᠲᠠᠢ ᠪᠠᠷ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠡᠮᠴᠢᠯᠡᠭᠡ ᠬᠢᠵᠦ᠂ ᠪᠢᠴᠢᠯ ᠰᠦᠪᠡᠲᠦ ᠡᠮᠨᠡᠨ ᠵᠠᠰᠠᠬᠤ ᠠᠵᠢᠯ ᠢ 299 ᠬᠥᠮᠥᠨ ᠤᠳᠠᠭ᠎ᠠ | ᠪᠠ ᠮᠡᠰᠡ ᠵᠠᠰᠠᠯ ᠬᠢᠵᠦ ᠣᠨᠣᠰᠢᠯᠠᠨ ᠡᠮᠨᠡᠬᠦ ᠠᠵᠢᠯ ᠢ 794 ᠤᠳᠠᠭ᠎ᠠ ᠥᠷᠨᠢᠭᠦᠯᠵᠦ᠂ 261 ᠵᠢᠱᠢᠶ᠎ᠡ ᠬᠦᠴᠢᠷ ᠲᠦᠪᠡᠭᠲᠡᠢ ᠡᠪᠡᠳᠴᠢᠨ ᠢ ᠠᠮᠵᠢᠯᠲᠠ ᠲᠠᠢ | ᠰᠢᠢᠳᠪᠦᠷᠢᠯᠡᠪᠡ᠃ ︵ᠠᠯᠠᠱᠠ ᠠᠶᠢᠮᠠᠭ ᠤᠨ ᠵᠠᠬᠢᠷᠭ᠎ᠠ︶ | | |