ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠦᠨᠳᠦᠰᠦᠨ ᠱᠠᠲᠤᠨ ᠤ ᠨᠢᠭᠦᠯᠡᠰᠦᠩᠭᠦᠢ ᠶᠢᠨ | ᠦᠢᠯᠡᠴᠢᠯᠡᠭᠡᠨ ᠤ ᠥᠷᠲᠡᠭᠡ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ ᠥᠷᠲᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠵᠡᠷᠭᠡ | ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠨᠡᠶᠢᠳᠬᠡᠵᠦ᠂ ᠨᠡᠶᠢᠭᠡᠮ ᠲᠣᠭᠤᠷᠢᠭ ᠤᠨ ᠨᠢᠭᠦᠯᠡᠰᠦᠩᠭᠦᠢ ᠶᠢᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠬᠤ ᠪᠠ ᠲᠥᠷᠥᠯ | ᠵᠦᠢᠯ ᠢ ᠬᠡᠷᠡᠭᠵᠢᠭᠦᠯᠬᠦ ᠳᠤ ᠲᠠᠪᠴᠠᠩ ᠤᠨ ᠳᠡᠮᠵᠢᠯᠭᠡ ᠬᠠᠩᠭᠠᠭᠰᠠᠨ ᠢᠶᠠᠷ ᠣᠳᠣᠬᠠᠨ ᠳᠤ ᠪᠥᠬᠦ ᠣᠷᠣᠨ ᠳᠤ ᠨᠢᠭᠡᠨᠲᠡ ᠦᠨᠳᠦᠰᠦᠨ ᠱᠠᠲᠤᠨ ᠤ ᠨᠡᠶᠢᠭᠡᠮ ᠤᠨ | ᠠᠵᠢᠯ ᠤᠨ 1025 ᠥᠷᠲᠡᠭᠡ ᠶᠢ ᠪᠠᠶᠢᠭᠤᠯᠪᠠ᠃ ᠡᠭᠦᠨ ᠳᠤ᠂ ᠣᠷᠳᠣᠰ ᠬᠤᠲᠠ ᠳᠤ ︽ᠨᠡᠶᠢᠭᠡᠮ ᠲᠣᠭᠤᠷᠢᠭ ᠤᠨ ᠰᠠᠭᠤᠷᠢ ᠮᠥᠩᠭᠦ︾ ᠶᠢ 37 ᠭᠠᠷᠭᠠᠵᠤ᠂ ᠬᠤᠲᠠ | ᠪᠠᠯᠭᠠᠰᠤ ᠶᠢᠨ 66 ᠨᠡᠶᠢᠭᠡᠮ ᠲᠣᠭᠤᠷᠢᠭ ᠢ ᠬᠠᠮᠤᠷᠴᠤ᠂ 21 ᠨᠢᠭᠦᠯᠡᠰᠦᠩᠭᠦᠢ ᠶᠢᠨ ᠵᠦᠢᠯᠡᠰ ᠢ ᠤᠬᠠᠭᠠᠯᠠᠨ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ ᠲᠤᠭ᠎ᠠ | 1800 ᠲᠦᠮᠡᠨ ᠲᠥᠭᠦᠷᠢᠭ ᠢ ᠳᠠᠪᠠᠵᠤ᠂ 2.2 ᠲᠦᠮᠡᠨ ᠬᠦᠴᠢᠷᠳᠡᠯᠲᠡᠢ ᠬᠥᠮᠥᠰ ᠢ ᠬᠠᠮᠤᠷᠤᠭᠰᠠᠨ ᠪᠠᠶᠢᠨ᠎ᠠ᠃ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ | ᠨᠡᠶᠢᠲᠡ ᠶᠢᠨ ᠠᠰᠠᠷᠠᠮᠵᠢ ᠶᠢᠨ ᠮᠥᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠰᠠᠷᠠᠮᠵᠢ ᠶᠢᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦᠨ ᠤ 1000 ᠲᠦᠮᠡᠨ ᠲᠥᠭᠦᠷᠢᠭ ᠢ ᠠᠰᠢᠭᠯᠠᠨ᠂ ᠡᠯ᠎ᠡ ᠭᠠᠵᠠᠷ ᠤᠨ ᠠᠷᠠᠳ ᠤᠨ ᠶᠠᠪᠤᠳᠠᠯ ᠤᠨ | ᠬᠦᠷᠢᠶᠡᠨ ᠳᠠᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ 100 ᠲᠥᠷᠥᠯ ᠵᠦᠢᠯ ᠥᠷᠨᠢᠭᠦᠯᠬᠦ ᠶᠢ ᠳᠡᠮᠵᠢᠵᠦ᠂ ᠨᠡᠶᠢᠭᠡᠮ ᠲᠣᠭᠤᠷᠢᠭ ᠤᠨ ᠨᠢᠭᠦᠯᠡᠰᠦᠩᠭᠦᠢ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠨ᠎ᠠ᠃ ︵ᠠᠷᠠᠳ ᠤᠨ ᠶᠠᠪᠤᠳᠠᠯ ᠤᠨ ᠲᠢᠩᠬᠢᠮ︶ | | |