4 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠣᠣ ᠵᠢᠢ ᠮᠢᠩ | ᠪᠦᠯᠬᠦᠮ ᠳᠠᠭᠠᠭᠤᠯᠤᠨ ᠰᠢᠨᠡᠭᠡᠨ ᠵᠡᠭᠦᠨ ᠰᠤᠮᠤᠨ ᠳᠤ ᠬᠦᠷᠴᠦ᠂ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ᠂ | ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢ ᠲᠦᠯᠬᠢᠨ ᠠᠬᠢᠭᠤᠯᠬᠤ ᠲᠤᠬᠠᠢ ᠪᠠᠶᠢᠴᠠᠭᠠᠨ ᠰᠤᠳᠣᠯᠵᠣ ᠵᠢᠭᠠᠨ | ᠵᠢᠯᠣᠭᠤᠳᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠠᠷᠢᠶᠠᠯᠠᠩ ᠮᠠᠯ ᠠᠵᠤ ᠠᠬᠤᠢ ᠶᠢᠨ ᠵᠥᠪᠯᠡᠯ ᠤᠨ ᠡᠷᠬᠢᠯᠡᠭᠴᠢ ᠴᠢᠶᠠᠨ ᠭᠤᠸᠠᠩ ᠯᠢ᠂ | ᠤᠯᠤᠰ ᠲᠥᠷᠥ ᠶᠢᠨ ᠵᠥᠪᠯᠡᠯᠭᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠯ᠎ᠡ ᠲᠦᠯᠦᠭᠡᠯᠡᠬᠦ ᠭᠡᠰᠢᠭᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠢᠳᠪᠦᠷᠢᠯᠡᠬᠦ᠂ ᠭᠠᠳᠠᠨ᠎ᠠ ᠠᠴᠠ ᠢᠷᠡᠭᠰᠡᠨ ᠮᠠᠯ ᠢ | ᠬᠠᠮᠢᠶᠠᠷᠤᠨ ᠡᠵᠡᠮᠳᠡᠬᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠤᠷᠰᠢᠯᠲᠠ ᠶᠢᠨ ᠭᠠᠴᠠᠭ᠎ᠠ ᠶᠢᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ | ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠨᠠᠷᠢᠨ ᠣᠶᠢᠯᠠᠭᠠᠭᠰᠠᠨ ᠪᠥᠭᠡᠳ ᠠᠵᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ | ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠮᠥᠩᠭᠦᠨᠲᠤᠶᠠᠭ᠎ᠠ ᠭᠠᠴᠠᠭ᠎ᠠ ᠶᠢᠨ | ᠬᠠᠮᠲᠤ ᠶᠢᠨ ᠠᠵᠤ ᠠᠬᠤᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠳᠤ ᠬᠦᠷᠴᠦ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠦᠵᠡᠪᠡ᠃ | | | | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠭᠠᠵᠤ ᠭᠠᠷᠭᠠᠭᠰᠠᠨ ᠨᠢ ᠂ ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠪᠠᠷ | ᠰᠢᠢᠳᠪᠦᠷᠢᠯᠡᠬᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠢ ᠲᠦᠯᠬᠢᠨ ᠠᠬᠢᠭᠤᠯᠬᠤ ᠪᠣᠯ ᠮᠠᠯᠵᠢᠬᠤ | ᠣᠷᠣᠨ ᠤ ᠠᠮᠢ ᠠᠬᠤᠢ᠂ ᠦᠢᠯᠡᠳᠪᠦᠷᠢᠯᠡᠯ ᠠᠮᠢᠳᠤᠷᠠᠯ ᠢ ᠣᠷᠭᠠᠨᠢᠭ ᠢᠶᠠᠷ ᠠᠭᠤᠰᠤᠯᠴᠠᠭᠤᠯᠤᠨ ᠵᠣᠬᠢᠴᠠᠩᠭᠤᠢ ᠪᠠᠷ ᠬᠥᠭᠵᠢᠭᠦᠯᠬᠦ ᠳᠤ ᠬᠤᠯᠪᠣᠭᠳᠠᠬᠤ ᠴᠢᠬᠤᠯᠠ ᠶᠡᠭᠡ | ᠡᠭᠦᠷᠭᠡ ᠮᠥᠨ ᠪᠥᠭᠡᠳ ᠪᠠᠰᠠ ᠴᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠠᠵᠢᠯᠯᠠᠭ᠎ᠠ ᠮᠥᠨ᠃ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠪᠡᠯᠴᠢᠭᠡᠷ | ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ | ᠨᠤᠲᠤᠭ ᠪᠡᠯᠴᠢᠭᠡᠷ ᠤᠨ ᠬᠡᠳᠦ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ ᠰᠠᠭᠤᠷᠢ ᠶᠢ ᠰᠠᠶᠢᠲᠤᠷ ᠲᠠᠯᠪᠢᠵᠤ᠂ ᠨᠤᠲᠤᠭ ᠪᠡᠯᠴᠢᠭᠡᠷ ᠤᠨ ᠮᠠᠯ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ | ᠨᠠᠷᠢᠯᠢᠭᠵᠢᠭᠤᠯᠵᠤ᠂ ᠡᠪᠡᠰᠦ ᠪᠣᠷᠳᠤᠭ᠎ᠠ ᠡᠳ᠋ᠰᠢᠭᠦᠯᠬᠦ ᠦᠢᠯᠡᠴᠢᠯᠡᠭᠡ ᠶᠢ ᠬᠦᠴᠦᠯᠡᠨ ᠠᠬᠢᠭᠤᠯᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ | ᠬᠢᠭᠡᠳ ᠮᠠᠯ ᠠᠵᠤ ᠠᠬᠤᠢ ᠶᠢᠨ ᠬᠥᠭᠵᠢᠯᠲᠡ ᠶᠢᠨ ᠨᠥᠬᠦᠴᠡᠯᠳᠦᠯ ᠢ ᠪᠡᠶᠡᠯᠡᠭᠦᠯᠵᠦ᠂ ᠮᠠᠯᠴᠢᠳ ᠤᠨ ᠣᠷᠣᠯᠭ᠎ᠠ ᠢ ᠨᠡᠮᠡᠭᠳᠡᠭᠦᠯᠦᠨ ᠴᠢᠨᠡᠭᠡᠯᠢᠭᠵᠢᠭᠦᠯᠬᠦ ᠪᠠ ᠭᠠᠵᠠᠷ | ᠣᠷᠣᠨ ᠤ ᠠᠵᠤ ᠠᠬᠤᠢ ᠶᠢᠨ ᠲᠤᠭᠲᠠᠩᠭᠤᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ |