ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠭᠤᠯᠴᠢᠯᠠᠯ ᠤᠨ ᠵᠠᠬ᠎ᠠ ᠪᠠᠷ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/20
20250420-2-1.png
     ᠵᠢᠭᠤᠯᠴᠢᠯᠠᠯ ᠤᠨ ᠵᠠᠬ᠎ᠠ ᠶᠢᠨ ᠡᠵᠡᠩᠨᠡᠯᠲᠡ ᠶᠢᠨ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠦᠯᠦᠭᠡ᠂ ᠠᠮᠤᠷ ᠲᠦᠪᠰᠢᠨ᠂ ᠡᠮᠬᠢ ᠳᠢᠭᠯᠢᠮ ᠲᠠᠢ᠂ ᠪᠣᠯᠪᠠᠰᠤᠨ ᠵᠢᠭᠤᠯᠴᠢᠯᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ ᠣᠶᠢᠷ᠎ᠠ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠭᠤᠯᠴᠢᠯᠠᠯ ᠤᠨ ᠵᠠᠬ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠪᠥᠬᠦ ᠲᠠᠯ᠎ᠠ ᠪᠠᠷ ᠴᠢᠩᠭᠠᠳᠬᠠᠪᠠ᠃     ᠲᠤᠰ ᠤᠳᠠᠭᠠᠨ ᠤ ᠲᠤᠰᠬᠠᠢ ᠠᠵᠢᠯᠯᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠣᠷᠣᠨ ᠤ ᠪᠠᠨ 8 ᠵᠢᠭᠤᠯᠴᠢᠯᠠᠯ ᠤᠨ ᠺᠣᠮᠫᠠᠨᠢ ᠳᠤ ᠰᠤᠭᠤᠴᠢᠨ ᠪᠠᠶᠢᠴᠠᠭᠠᠯᠲᠠ ᠬᠢᠵᠦ᠂ ᠵᠢᠭᠤᠯᠴᠢᠯᠠᠯ ᠤᠨ ᠬᠤᠷᠢᠶ᠎ᠠ ᠵᠢᠭᠤᠯᠴᠢᠯᠠᠯ ᠤᠨ ᠬᠥᠭᠵᠢᠯᠲᠡᠢ ᠤᠯᠠᠷᠢᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ  ᠶᠢ ᠭᠤᠣᠯᠳᠠᠯᠭ᠎ᠠ  ᠲᠠᠢ ᠵᠢᠯᠤᠭᠤᠳᠴᠤ᠂ ᠵᠢᠭᠤᠯᠴᠢᠯᠠᠯ ᠤᠨ ᠭᠠᠵᠠᠷ ᠤᠨ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠱᠠᠭᠠᠷᠳᠠᠯᠭ᠎ᠠ ᠶᠣᠰᠣᠭᠠᠷ ᠡᠵᠡᠩᠨᠡᠯᠲᠡ ᠶᠢᠨ ᠲᠠᠯᠠᠪᠤᠷ ᠳᠠᠭᠠᠨ ᠵᠢᠭᠤᠯᠴᠢᠯᠠᠯ ᠤᠨ ᠭᠠᠵᠠᠷ ᠤᠨ ᠠᠵᠢᠯ ᠬᠡᠷᠡᠭ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠦᠨᠡᠮᠯᠡᠯ ᠢᠶᠠᠨ ᠡᠯᠭᠦᠬᠦ᠂ ᠠᠵᠤ ᠠᠬᠤᠶᠢᠯᠠᠯ ᠢ ᠰᠢᠮᠳᠠᠭᠤᠯᠵᠤ ᠡᠯ᠎ᠡ ᠵᠦᠢᠯ ᠤᠨ ᠳᠦᠷᠢᠮ ᠢ ᠲᠡᠭᠦᠯᠳᠡᠷᠵᠢᠭᠦᠯᠬᠦ᠂ ᠵᠢᠭᠤᠯᠴᠢᠯᠠᠯ ᠤᠨ ᠭᠠᠵᠠᠷ ᠵᠢᠴᠢ ᠵᠢᠭᠤᠯᠴᠢᠯᠠᠯ ᠤᠨ ᠶᠠᠪᠤᠴᠠ ᠳᠤ ᠵᠢᠭᠤᠯᠴᠢᠯᠠᠯ ᠤᠨ ᠬᠥᠲᠥᠴᠢ ᠵᠢᠭᠤᠯᠴᠢᠯᠠᠭᠴᠢᠳ ᠢ ᠡᠯᠳᠡᠪ ᠠᠷᠭ᠎ᠠ ᠪᠠᠷ ᠦᠳᠦᠭᠡᠨ ᠬᠠᠭᠤᠷᠴᠣ ᠠᠯᠪᠠ ᠪᠠᠷ ᠬᠤᠳᠠᠯᠳᠣᠨ ᠠᠪᠤᠭᠤᠯᠬᠤ ᠶᠢ ᠴᠢᠩᠭ᠎ᠠ ᠴᠠᠭᠠᠵᠠᠯᠠᠨ᠎ᠠ᠃  ᠲᠢᠭ ᠲᠤᠭ᠂ ᠰᠢᠶ᠋ᠧ ᠴᠧᠩ ᠵᠡᠷᠭᠡ ᠴᠠᠬᠢᠮ ᠠᠷᠠᠯᠵᠢᠶᠠᠨ ᠤ ᠲᠠᠪᠴᠠᠩ ᠳᠤ ᠲᠤᠭᠲᠠᠭᠠᠭᠰᠠᠨ ᠥᠨᠡᠲᠦ ᠵᠢᠭᠤᠯᠴᠢᠯᠠᠯ ᠤᠨ ᠦᠢᠯᠡᠳᠬᠦᠨ ᠢ ᠪᠣᠷᠣᠯᠠᠭᠤᠯᠬᠤ ᠳᠤ ᠵᠥᠪᠰᠢᠶᠡᠷᠡᠯ ᠡᠵᠡᠩᠨᠡᠯ ᠤᠨ ᠬᠡᠪᠴᠢᠶ᠎ᠡ ᠠᠴᠠ ᠳᠠᠪᠠᠭᠤᠯᠬᠤ ᠪᠤᠶᠤ ᠬᠠᠭᠤᠷᠤᠨ ᠮᠡᠬᠡᠯᠡᠬᠦ ᠴᠢᠨᠠᠷᠲᠠᠢ ᠤᠬᠠᠭᠤᠯᠭ᠎ᠠ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠴᠠᠭᠠᠵᠠᠯᠠᠨ᠎ᠠ᠃ ᠵᠢᠭᠤᠯᠴᠢᠯᠠᠭᠴᠢᠳ ᠲᠠᠢ ᠲᠤᠭᠲᠠᠭᠠᠭᠰᠠᠨ ᠦᠨᠡᠲᠦ ᠵᠢᠭᠤᠯᠴᠢᠯᠠᠯ ᠤᠨ ᠭᠡᠷ᠎ᠡ ᠲᠣᠭᠲᠠᠬᠤ ᠶᠢᠨ ᠬᠠᠮᠲᠤ ᠪᠥᠬᠦ ᠤᠯᠤᠰ ᠤᠨ ᠵᠢᠭᠤᠯᠴᠢᠯᠠᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠳᠤ ᠭᠡᠷ᠎ᠡ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠠᠶ ᠳᠤ ᠵᠢᠭᠤᠯᠴᠢᠯᠠᠯ ᠤᠨ ᠺᠣᠮᠫᠠᠨᠢ ᠶᠢᠨ ᠣᠶᠢᠷ᠎ᠠ ᠶᠢᠨ ᠬᠤᠶᠠᠷ ᠵᠢᠯ ᠤᠨ ᠵᠢᠭᠤᠯᠴᠢᠯᠠᠯ ᠤᠨ ᠭᠡᠷ᠎ᠡ ᠶᠢ ᠪᠠᠶᠢᠴᠠᠭᠠᠨ ᠦᠵᠡᠵᠦ᠂ ᠵᠢᠭᠤᠯᠴᠢᠯᠠᠯ ᠤᠨ ᠪᠦᠯᠬᠦᠮ ᠤᠨ ᠳᠠᠩᠰᠠ ᠡᠪᠬᠡᠮᠡᠯ ᠡᠯ᠎ᠡ ᠲᠥᠷᠥᠯ ᠤᠨ ᠭᠡᠷ᠎ᠡ ᠵᠢᠴᠢ ᠬᠠᠮᠢᠶ᠎ᠠ ᠪᠦᠬᠦᠢ ᠮᠠᠲ᠋ᠧᠷᠢᠶᠠᠯ᠂ ᠭᠠᠷ ᠭᠦᠢᠴᠡᠳᠬᠡᠯ ᠨᠢ ᠪᠦᠷᠢᠨ ᠭᠦᠢᠴᠡᠳ ᠡᠰᠡᠬᠦ᠂ ᠵᠢᠭᠤᠯᠴᠢᠯᠠᠯ ᠤᠨ ᠬᠥᠲᠥᠴᠢ ᠡᠭᠦᠷᠭᠡ ᠲᠤᠮᠢᠯᠠᠯᠲᠠ ᠶᠢᠨ ᠬᠠᠭᠤᠳᠠᠰᠤ ᠪᠠᠶᠢᠬᠤ ᠡᠰᠡᠬᠦ᠂ ᠵᠢᠭᠤᠯᠴᠢᠯᠠᠯ ᠤᠨ ᠬᠥᠲᠥᠴᠢ ᠳᠠᠯᠳᠠᠭᠤᠷ ᠳᠠᠭᠠᠭᠠᠨ ᠠᠪᠤᠭᠰᠠᠨ ᠠᠵᠢᠯ ᠬᠡᠷᠡᠭ ᠪᠠᠶᠢᠬᠤ ᠡᠰᠡᠬᠦ᠂ ᠵᠢᠭᠤᠯᠴᠢᠯᠠᠯ ᠤᠨ ᠪᠦᠯᠬᠦᠮ ᠨᠢ ︽ᠵᠦᠢ ᠶᠣᠰᠣᠨ ᠤ ᠪᠤᠰᠣ ᠬᠢᠮᠳᠠ‌ᠥᠨᠡᠲᠦ ᠪᠦᠯᠬᠦᠮ︾ ᠮᠦᠨ ᠡᠰᠡᠬᠦ᠂ ᠲᠣᠭᠲᠠᠭᠠᠯ ᠶᠣᠰᠣᠭᠠᠷ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠭᠰᠠᠨ ᠡᠰᠡᠬᠦ᠂ ᠲᠣᠭᠲᠠᠭᠠᠭᠰᠠᠨ ᠬᠤᠭᠤᠴᠠᠭᠠᠨ ᠳᠤ  ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢᠨ ᠪᠠᠩᠭᠢᠯ ᠤᠨ ᠲᠠᠩᠰᠠᠨ ᠳᠤ  ᠬᠠᠳᠠᠭᠠᠯᠠᠭᠰᠠᠨ᠂ ᠨᠡᠮᠡᠵᠦ  ᠬᠠᠳᠠᠭᠠᠯᠠᠭᠰᠠᠨ᠂ ᠨᠥᠬᠦᠪᠦᠷᠢᠯᠡᠵᠦ ᠭᠦᠢᠴᠡᠭᠡᠭᠰᠡᠨ ᠡᠰᠡᠬᠦ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠭᠤᠯᠴᠢᠯᠠᠯ ᠤᠨ ᠬᠥᠲᠥᠴᠢ ᠶᠢᠨ ᠠᠵᠢᠯ ᠲᠥᠷᠥᠯ ᠤᠨ ᠳᠦᠷᠢᠮᠵᠢᠯ ᠦᠭᠡᠢ ᠪᠠᠶᠢᠳᠠᠯ᠂ ᠠᠯᠪᠠᠳᠠᠯᠭ᠎ᠠ ᠪᠠᠷ ᠬᠤᠳᠠᠯᠳᠣᠨ ᠠᠪᠣᠭᠤᠯᠬᠤ ᠵᠡᠷᠭᠡ ᠠᠰᠠᠭᠤᠳᠠᠯ ᠳᠤ ᠭᠤᠣᠯᠳᠠᠯᠭ᠎ᠠ ᠲᠠᠢ ᠴᠣᠬᠢᠯᠲᠠ ᠥᠭᠴᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠵᠢᠭᠤᠯᠴᠢᠯᠠᠭᠴᠢᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠡᠮᠬᠢ ᠵᠢᠷᠤᠮ ᠲᠠᠢ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ