ᠪᠠᠶᠠᠨᠲᠤᠬᠠᠢ ᠪᠠᠯᠭᠠᠰᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠡᠪᠰᠢᠭᠦᠯᠦᠭᠰᠡᠨ‌‍ᠰᠠᠨᠠᠯ ᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/20
     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ  ᠢ ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠠᠶᠠᠨᠲᠤᠬᠠᠢ ᠪᠠᠯᠭᠠᠰᠤ 4 ᠰᠠᠷ᠎ᠠ ᠶᠢᠨ 11 ᠤ ᠡᠳᠦᠷ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯᠳᠤᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠣᠪᠠ᠃ ᠪᠠᠶᠠᠨᠲᠤᠬᠠᠢ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠲᠤᠤ ᠶᠢᠩ ᠬᠤᠷᠠᠯ ᠢ ᠡᠷᠬᠢᠯᠡᠵᠦ᠂ ᠡᠯ᠎ᠡ ᠬᠤᠪᠢᠳᠠᠨ ᠬᠠᠮᠢᠶᠠᠷᠬᠤ ᠪᠠᠯᠭᠠᠰᠤ ᠶᠢᠨ ᠳᠡᠳ᠋ ᠳᠠᠷᠤᠭ᠎ᠠ ᠨᠠᠷ ᠬᠤᠷᠠᠯ ᠳᠤ ᠣᠷᠣᠯᠴᠠᠪᠠ᠃     ᠬᠤᠷᠠᠯᠳᠤᠭᠠᠨ‌ᠡᠴᠠ ᠪᠠᠶᠠᠨᠲᠤᠬᠠᠢ ᠪᠠᠯᠭᠠᠰᠤ ᠵᠢᠨ‌ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠣᠯᠣᠳᠤᠭᠠᠷ ᠬᠤᠷᠠᠯᠳᠤᠭᠠᠨ ᠤ ᠬᠤᠭᠤᠴᠠᠭᠠᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠠᠷᠠᠳ ᠤᠨ ᠠᠮᠢᠵᠢᠷᠠᠭ᠎ᠠ᠂ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠵᠡᠷᠭᠡ ᠲᠠᠯ᠎ᠠ ᠶᠢᠨ ᠳᠡᠪᠰᠢᠭᠦᠯᠦᠭᠰᠡᠨ ᠰᠠᠨᠠᠯ ᠢ ᠵᠠᠷᠯᠠᠨ ᠮᠡᠳᠡᠭᠳᠡᠭᠰᠡᠨ ᠪᠥᠭᠡᠳ ᠨᠢᠭᠡᠳ ᠨᠢᠭᠡ ᠪᠠᠷ ᠲᠤᠰᠢᠶᠠᠨ ᠰᠢᠢᠳᠪᠦᠷᠢᠯᠡᠭᠦᠯᠬᠦ ᠪᠠᠷ ᠪᠣᠯᠪᠠ᠃ ᠬᠤᠷᠠᠯ ᠳᠤ ᠣᠷᠣᠯᠴᠠᠭᠰᠠᠳ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠰᠢᠢᠳᠪᠦᠷᠢᠯᠡᠬᠦ ᠴᠠᠭ ᠤᠨ ᠬᠢᠵᠠᠭᠠᠷ᠂ ᠰᠢᠢᠳᠪᠦᠷᠢᠯᠡᠬᠦ ᠶᠠᠪᠤᠴᠠ ᠪᠣᠯᠣᠨ ᠬᠠᠮᠵᠢᠯᠴᠠᠨ ᠰᠢᠢᠳᠪᠦᠷᠢᠯᠡᠬᠦ ᠠᠷᠭ᠎ᠠ ᠬᠡᠯᠪᠡᠷᠢ ᠵᠡᠷᠭᠡ ᠲᠠᠯ᠎ᠠ ᠪᠠᠷ ᠪᠠᠰᠠ ᠰᠠᠨᠠᠯ ᠢᠶᠠᠨ ᠰᠣᠯᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠴᠢᠷᠳᠡᠯ ᠢ ᠭᠦᠢᠴᠡᠳ ᠶᠠᠷᠢᠯᠴᠠᠵᠤ᠂ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠣᠲᠣᠷ᠎ᠠ ᠬᠠᠷᠢᠭᠤᠯᠲᠠ ᠥᠭᠬᠦ ᠶᠢ ᠱᠠᠭᠠᠷᠳᠠᠵᠠᠢ᠃     ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠬᠤᠶᠠᠷ ᠲᠤ᠂ ᠬᠠᠷᠢᠯᠴᠠᠭ᠎ᠠ ᠥᠢᠯᠠᠭᠠᠯᠴᠠᠯ ᠢᠶᠠᠨ ᠴᠢᠩᠭᠠᠳᠬᠠᠵᠤ᠂ ᠰᠢᠢᠳᠪᠦᠷᠢᠯᠡᠬᠦ ᠳᠦᠷᠢᠮ ᠢ ᠪᠦᠷᠢᠨᠰᠢᠭᠦᠯᠵᠦ᠂ ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠵᠦ᠂ ᠰᠢᠢᠳᠪᠦᠷᠢᠯᠡᠬᠦ ᠲᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ᠃ ᠭᠤᠷᠪᠠ ᠳᠤ᠂ ᠰᠢᠢᠳᠪᠦᠷᠢᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠠᠭ ᠲᠤᠬᠠᠢ ᠳᠤᠨᠢ ᠬᠠᠷᠢᠭᠤᠯᠲᠠ ᠥᠭᠬᠦ᠂ ᠴᠠᠭ ᠲᠤᠬᠠᠢ ᠳᠤᠨᠢ ᠬᠠᠷᠢᠭᠤ ᠳᠣᠰᠬᠠᠬᠤ᠂ ᠴᠠᠭ ᠲᠤᠬᠠᠢ ᠳᠤᠨᠢ ᠳᠠᠩᠰᠠᠯᠠᠬᠤ᠂ ᠠᠰᠠᠭᠤᠳᠠᠯ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠢ ᠨᠢᠭᠡᠳ ᠨᠢᠭᠡ ᠪᠠᠷ ᠬᠠᠷᠢᠭᠤᠯᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ