ᠶᠡᠬᠡᠠ᠋ᠭᠤᠯᠠ ᠦᠵᠡᠮᠵᠢᠲᠦ ᠣᠷᠣᠨ ᠪᠣᠯ ᠰᠢᠨ᠎ᠡ ᠪᠠᠷᠭᠤ ᠵᠡᠭᠦᠨ ᠬᠤᠰᠢᠭᠤᠨ ᠤ ᠴᠠᠭᠠᠨ ᠪᠠᠯᠭᠠᠰᠤ᠂ ᠬᠠᠶᠢᠯᠠᠷ ᠭᠤᠣᠯ ᠤᠨ ᠬᠤᠶᠢᠲᠤ ᠬᠥᠪᠡᠭᠡᠨ ᠳᠤ | ᠪᠠᠶᠢᠷᠢᠯᠠᠵᠤ᠂ ᠵᠡᠭᠦᠨᠰᠢ ᠪᠠᠨ ᠬᠠᠭᠤᠴᠢᠨ ᠪᠠᠷᠭᠤ ᠬᠤᠰᠢᠭᠤ ᠲᠠᠢ ᠵᠠᠬ᠎ᠠ ᠨᠡᠶᠢᠯᠡᠵᠦ᠂ ᠡᠮᠦᠨᠡᠰᠢ ᠪᠠᠨ ᠭᠠᠯᠪᠠᠷ ᠭᠠᠴᠠᠭ᠎ᠠ ᠲᠠᠢ ᠬᠥᠷᠰᠢᠯᠡᠵᠦ᠂ ᠪᠠᠷᠠᠭᠤᠨᠰᠢ ᠪᠠᠨ ᠴᠠᠭᠠᠨ | ᠮᠠᠯᠵᠢᠯ ᠤᠨ ᠲᠠᠯᠠᠪᠠᠢ ᠲᠠᠢ ᠵᠠᠯᠭᠠᠯᠳᠤᠵᠤ᠂ ᠤᠮᠠᠷᠠᠰᠢ ᠪᠠᠨ ᠣᠷᠣᠰ ᠲᠠᠢ ᠡᠷᠭᠦᠨ᠎ᠡ ᠭᠤᠣᠯ ᠢᠶᠠᠷ ᠵᠠᠭᠠᠭᠯᠠᠨ ᠨᠢᠭᠤᠷᠳᠠᠵᠤ᠂ ᠬᠢᠯᠢ ᠶᠢᠨ ᠱᠤᠭᠤᠮ ᠤᠨ ᠤᠷᠲᠤ 36. | 3 ᠺᠢᠯᠣᠮᠧᠲᠷ᠂ ᠨᠤᠲᠤᠭ ᠳᠡᠪᠢᠰᠬᠡᠷ ᠤᠨ ᠲᠠᠯᠠᠪᠠᠢ690 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ ᠡᠨᠡ ᠦᠵᠡᠮᠵᠢᠲᠦ ᠣᠷᠣᠨ ᠨᠢ ᠬᠥᠯᠥᠨ ᠪᠣᠶᠢᠷ ᠤᠨ ᠲᠠᠯ᠎ᠠ | ᠨᠤᠲᠤᠭ ᠤᠨ ᠭᠤᠣᠯ ᠬᠦᠢᠰᠦᠨ ᠳᠤ ᠪᠠᠶᠢᠷᠢᠯᠠᠵᠤ᠂ ᠵᠤᠨ ᠳᠠᠭᠠᠨ ᠡᠪᠡᠰᠦ ᠨᠣᠭᠤᠭ᠎ᠠ ᠬᠠᠯᠢᠭᠤᠷᠠᠨ ᠨᠣᠭᠤᠭᠠᠷᠠᠵᠤ᠂ ᠡᠪᠦᠯ ᠳᠡᠭᠡᠨ ᠮᠥᠩᠭᠦᠨ ᠴᠠᠭᠠᠨ ᠢᠶᠠᠷ | ᠬᠤᠴᠢᠭᠳᠠᠨᠠ᠃ | | ᠶᠡᠬᠡᠠ᠋ᠭᠤᠯᠠ ᠦᠵᠡᠮᠵᠢᠲᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠯᠢᠭ ᠣᠯᠠᠨ ᠵᠦᠢᠯ ᠪᠣᠢ᠂ ᠶᠡᠬᠡᠠ᠋ᠭᠤᠯᠠ ᠰᠡᠬᠦᠶᠢᠨ ᠰᠦᠨᠳᠡᠷᠯᠡᠵᠦ᠂ ᠡᠯᠳᠡᠪ | ᠶᠠᠩᠵᠤ ᠶᠢᠨ ᠬᠠᠴᠢᠨ ᠬᠠᠳᠠ ᠲᠠᠢ︔ ᠮᠢᠷᠠᠯᠵᠠᠨ ᠤᠷᠤᠰᠤᠭᠰᠠᠨ ᠬᠠᠶᠢᠯᠠᠷ ᠭᠤᠣᠯ᠂ ᠥᠩᠭᠡ ᠰᠢᠮᠡᠯᠢᠭ ᠪᠡᠯᠴᠢᠭᠡᠷ ᠤᠰᠤ ᠲᠠᠢ︔ ᠪᠠᠷᠭᠤ ᠰᠣᠶᠣᠯ ᠭᠦᠨ ᠵᠤᠵᠠᠭᠠᠨ | ᠂ ᠲᠡᠦᠬᠡ ᠶᠢᠨ ᠦᠯᠡᠳᠡᠭᠳᠡᠯ ᠣᠯᠠᠨ ᠠᠷᠪᠢᠨ᠂ ᠮᠥᠨ ᠴᠦ ᠰᠢᠶᠡᠨᠪᠧᠢ ᠦᠨᠳᠦᠰᠦᠲᠡᠨ ᠤ ᠨᠡᠭᠦᠳᠡᠯᠴᠢᠳ ᠣᠷᠣᠰᠢᠨ ᠠᠮᠢᠳᠤᠷᠠᠵᠤ ᠪᠠᠶᠢᠭᠰᠠᠨ ᠳᠠᠷᠬᠠᠨ ᠥᠯᠥᠭᠡᠢ᠂ | ᠤᠮᠠᠷᠠᠲᠤ ᠸᠧᠢ ᠤᠯᠤᠰ ᠤᠨ ᠦᠶ᠎ᠡ ᠶᠢᠨ ᠲᠣᠪᠠ ᠰᠢᠶᠡᠨᠪᠧᠢ ᠶᠢᠨ ᠡᠷᠲᠡᠨ ᠤ ᠣᠩᠭᠤᠨ᠂ ᠴᠢᠩᠭᠢᠰ ᠬᠠᠭᠠᠨ ᠤ ᠡᠷᠲᠡᠨ ᠤ ᠬᠤᠲᠠ ᠶᠢᠨ ᠬᠡᠷᠡᠮ ᠤᠨ ᠪᠠᠭᠤᠷᠢ᠂ | ᠶᠡᠬᠡᠠ᠋ᠭᠤᠯᠠ᠂ ᠣᠪᠣᠭ᠎ᠠ᠂ ᠲᠡᠮᠡᠭᠡᠨ ᠬᠠᠳᠠ᠂ ᠮᠢᠩᠭᠠᠨ ᠳᠠᠪᠬᠤᠷ ᠬᠠᠳᠠ᠂ ᠬᠠᠶᠢᠯᠠᠷ ᠭᠤᠣᠯ ᠵᠡᠷᠭᠡ ᠦᠵᠡᠮᠵᠢ ᠪᠦᠷᠢᠳᠴᠦ᠂ ᠨᠡᠩ ᠢᠯᠠᠩᠭᠤᠶ᠎ᠠ ᠲᠡᠮᠡᠭᠡᠨ ᠬᠠᠳᠠ | ᠶᠢᠨ ᠤᠷᠠᠨ ᠨᠠᠷᠢᠨ ᠪᠠᠶᠢᠭᠠᠯᠢᠯᠢᠭ ᠰᠣᠳᠣᠨ ᠪᠦᠷᠢᠯᠳᠦᠯ ᠨᠢ ᠬᠤᠯᠠ ᠣᠶᠢᠷ᠎ᠠ ᠶᠢᠨ ᠵᠤᠭᠠᠴᠠᠭᠰᠠᠳ ᠤᠨ ᠪᠠᠭ᠋ᠠᠷᠠᠯ ᠢ ᠲᠠᠲᠠᠨ᠎ᠠ᠃ ᠲᠤᠬᠠᠢ ᠶᠢᠨ ᠭᠠᠵᠠᠷ ᠤᠨ ᠮᠠᠯᠴᠢᠳ | ᠠᠭᠤᠯᠠᠨ ᠣᠷᠣᠢ ᠳᠤᠨᠢ ᠣᠪᠣᠭ᠎ᠠ ᠪᠣᠰᠬᠠᠳᠠᠭ᠂ ᠣᠪᠣᠭ᠎ᠠ ᠨᠢ ᠰᠢᠨ᠎ᠡ ᠪᠠᠷᠭᠤ ᠵᠡᠭᠦᠨ ᠬᠤᠰᠢᠭᠤ ᠵᠢᠴᠢ ᠡᠷᠭᠢᠨ ᠲᠣᠭᠤᠷᠢᠨ ᠳᠤ ᠠᠮᠢᠳᠤᠷᠠᠵᠤ ᠪᠠᠶᠢᠭ᠎ᠠ ᠮᠠᠯᠴᠢᠳ ᠤᠨ | ᠳᠤᠮᠳᠠ ᠮᠠᠰᠢ ᠥᠨᠳᠥᠷ ᠨᠡᠷ᠎ᠡ ᠨᠥᠯᠥᠭᠡ ᠲᠠᠢ ᠶᠤᠮ᠃ ᠵᠢᠯ ᠪᠦᠷᠢ ᠠᠳᠡ ᠲᠣᠮᠣ ᠬᠡᠯᠪᠡᠷᠢ ᠶᠢᠨ ᠣᠪᠣᠭ᠎ᠠ ᠳᠠᠬᠢᠬᠤ ᠬᠥᠳᠡᠯᠭᠡᠭᠡᠨ ᠬᠢᠵᠦ᠂ ᠳᠠᠬᠢᠯᠭ᠎ᠠ ᠶᠢᠨ | ᠬᠤᠭᠤᠴᠠᠭᠠᠨ ᠳᠤ ᠨᠠᠭᠠᠳᠤᠮ ᠤᠨ ᠶᠡᠭᠡ ᠬᠤᠷᠠᠯ ᠬᠢᠵᠦ᠂ ᠮᠠᠰᠢ ᠣᠯᠠᠨ ᠵᠤᠭᠠᠴᠠᠭᠰᠠᠳ ᠬᠢᠭᠡᠳ ᠮᠠᠯᠴᠢᠳ ᠬᠤᠷᠠᠨ ᠴᠤᠭᠯᠠᠷᠠᠵᠤ ᠬᠠᠮᠲᠤ ᠪᠠᠷ ᠰᠠᠶᠢᠨ ᠰᠠᠶᠢᠬᠠᠨ | ᠪᠠᠶᠠᠷ ᠤᠨ ᠡᠳᠦᠷ ᠢᠶᠠᠨ ᠪᠡᠯᠡᠭᠯᠡᠳᠡᠭ ᠶᠤᠮ᠃ | | | |