ᠪᠠᠷᠭᠤ ᠮᠣᠩᠭᠤᠯ ᠠᠶᠢᠮᠠᠭ ᠤᠨ ᠦᠵᠡᠮᠵᠢᠲᠦ ᠣᠷᠣᠨ
ᠨᠡᠶᠢᠲᠡᠯᠡᠭᠰᠡᠨ ᠴᠠᠭ᠄
2025/4/22
      ︵AAAA︶ ᠳᠡᠰ ᠤᠨ ᠪᠠᠷᠭᠤ ᠮᠣᠩᠭᠤᠯ ᠠᠶᠢᠮᠠᠭ ᠤᠨ ᠦᠵᠡᠮᠵᠢᠲᠦ ᠣᠷᠣᠨ ᠪᠣᠯ301 ᠤᠯᠤᠰ ᠤᠨ ᠵᠠᠮ ᠪᠣᠯᠣᠨ ᠮᠠᠨᠵᠤᠤᠷ ᠠᠴᠠ ᠡᠷᠭᠦᠨ᠎ᠡ ᠬᠦᠷᠬᠦ  ᠵᠠᠰᠠᠮᠠᠯ ᠵᠠᠮ ᠤᠨ ᠠᠭᠤᠯᠵᠠᠷ ᠲᠤ ᠪᠠᠶᠢᠷᠢᠯᠠᠵᠤ᠂ ᠬᠥᠯᠥᠨ ᠪᠣᠶᠢᠷ ᠬᠤᠲᠠ ᠶᠢᠨ ᠭᠠᠭᠴᠠ ᠬᠦ ᠪᠦᠬᠦ ᠲᠠᠯ᠎ᠠ ᠶᠢᠨ᠂ ᠣᠯᠠᠨ ᠬᠠᠷᠠᠭᠠᠰᠤ ᠠᠴᠠ ᠪᠠᠷᠭᠤ ᠮᠣᠩᠭᠤᠯ  ᠦᠨᠳᠦᠰᠦᠲᠡᠨ ᠤ ᠰᠣᠶᠣᠯ᠂ ᠠᠷᠠᠳ ᠤᠨ ᠳᠠᠳᠬᠠᠯ᠂ ᠵᠠᠩ ᠦᠢᠯᠡ ᠶᠢ  ᠢᠯᠡᠷᠡᠭᠦᠯᠦᠭᠰᠡᠨ ᠵᠢᠭᠤᠯᠴᠢᠯᠠᠯ ᠤᠨ ᠦᠵᠡᠮᠵᠢᠲᠦ ᠣᠷᠣᠨ ᠪᠣᠯᠣᠨ᠎ᠠ᠃ ᠪᠦᠬᠦ ᠦᠵᠡᠮᠵᠢᠲᠦ  ᠣᠷᠣᠨ ᠨᠢ ᠭᠤᠣᠯ ᠲᠣᠭᠤᠷᠢᠭ᠂ ᠦᠨᠳᠦᠰᠦᠲᠡᠨ ᠤ ᠤᠷᠤᠯᠳᠤᠭᠠᠨ ᠤ ᠦᠵᠡᠭᠦᠯᠦᠯᠭᠡ ᠶᠢᠨ ᠣᠷᠣᠨ᠂ ᠦᠨᠳᠦᠰᠦᠲᠡᠨ ᠤ ᠨᠠᠶᠢᠷ ᠨᠠᠭᠠᠳᠤᠮ ᠤᠨ ᠬᠥᠳᠡᠯᠭᠡᠭᠡᠨ ᠤ  ᠣᠷᠣᠨ᠂ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ ᠶᠢᠨ ᠣᠷᠣᠨ᠂ ᠮᠠᠯᠴᠢᠳ ᠤᠨ ᠠᠮᠢᠳᠤᠷᠠᠯ ᠢ ᠪᠡᠶᠡᠴᠢᠯᠡᠨ ᠣᠶᠢᠯᠠᠭᠠᠬᠤ ᠣᠷᠣᠨ ᠭᠡᠵᠦ ᠬᠤᠪᠢᠶᠠᠵᠤ᠂  ᠪᠦᠬᠦᠶᠢᠯᠡ ᠴᠣᠭᠴᠠ᠂ ᠣᠯᠠᠨ ᠲᠠᠯ᠎ᠠ ᠠᠴᠠ ᠮᠣᠩᠭᠤᠯ ᠦᠨᠳᠦᠰᠦᠲᠡᠨ ᠤ ᠥᠷᠭᠡᠨ ᠳᠡᠯᠭᠡᠷ ᠰᠣᠳᠣᠨ ᠰᠣᠶᠣᠯ ᠢ ᠲᠠ ᠣᠯᠠᠨ ᠳᠠᠭᠠᠨ ᠳᠡᠯᠭᠡᠨ ᠦᠵᠡᠭᠦᠯᠵᠦ ᠪᠠᠶᠢᠨ᠎ᠠ        ᠠᠳᠡ ︽ᠠᠮᠢᠨ ᠬᠤᠯᠪᠣᠭ᠎ᠠ ᠲᠠᠢ ᠪᠠᠷᠭᠤ ᠨᠤᠲᠤᠭ︾ ᠬᠢᠬᠦ ᠲᠣᠮᠣ ᠬᠡᠯᠪᠡᠷᠢ ᠶᠢᠨ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ ᠶᠢ ᠰᠣᠨᠢᠷᠬᠠᠵᠤ᠂  ᠪᠠᠰᠠ ᠵᠣᠴᠢᠨ ᠤᠭᠲᠤᠬᠤ ᠮᠣᠷᠢᠲᠤ ᠡᠩᠨᠡᠭᠡ ᠳᠤ ᠣᠷᠣᠯᠴᠠᠵᠤ ᠪᠣᠯᠣᠨ᠎ᠠ᠂ ᠵᠣᠴᠢᠨ ᠤᠭᠲᠤᠬᠤ ᠠᠷᠢᠬᠢ ᠡᠷᠭᠦᠬᠦ᠂ ᠣᠪᠣᠭ᠎ᠠ ᠳᠠᠬᠢᠬᠤ᠂ ᠤᠯᠠᠮᠵᠢᠯᠠᠯᠲᠤ ᠬᠤᠨᠢ  ᠡᠳ᠋ᠰᠢᠭᠦᠯᠬᠦ ᠦᠵᠡᠭᠦᠯᠦᠯᠭᠡ᠂ ᠪᠦᠬᠦᠯᠢ ᠬᠤᠨᠢᠨ ᠰᠢᠭᠦᠰᠦ ᠶᠢᠨ ᠲᠠᠨᠢᠯᠴᠠᠭᠤᠯᠭ᠎ᠠ᠂ ᠮᠣᠷᠢ ᠤᠨᠠᠬᠤ᠂ ᠮᠣᠷᠢ  ᠤᠷᠭᠠᠯᠠᠬᠤ᠂ ᠡᠮᠨᠢᠭ ᠰᠤᠷᠭᠠᠬᠤ᠂ ᠮᠣᠷᠢ ᠤᠷᠤᠯᠳᠤᠬᠤ᠂ ᠪᠥᠬᠡ ᠪᠠᠷᠢᠯᠳᠤᠬᠤ᠂ ᠨᠤᠮᠤ ᠰᠤᠮᠤ ᠬᠠᠷᠪᠤᠬᠤ᠂ ᠮᠢᠷᠭᠠᠨ ᠲᠡᠷᠭᠡ᠂ ᠬᠠᠩᠭᠠᠢ ᠲᠡᠷᠭᠡᠨ ᠳᠤ ᠰᠠᠭᠤᠬᠤ᠂ ᠲᠡᠮᠡᠭᠡ ᠤᠨᠤᠵᠤ ᠵᠤᠭᠠᠴᠠᠬᠤ᠂ ᠺᠠᠷᠲ᠋ᠢᠩ ᠲᠡᠷᠭᠡ ᠨᠠᠭᠠᠳᠬᠤ  ᠂ ᠲᠠᠯ᠎ᠠ ᠳᠡᠭᠡᠷ᠎ᠡ ᠬᠥᠯ ᠪᠥᠮᠪᠦᠭᠡ ᠢᠰᠬᠦᠯᠬᠦ᠂ ᠴᠠᠭᠠᠰᠤᠨ ᠰᠢᠪᠠᠭᠤ ᠨᠢᠰᠬᠡᠬᠦ᠂ ᠦᠨᠳᠦᠰᠦᠲᠡᠨ ᠤ ᠬᠤᠪᠴᠠᠰᠤ ᠡᠮᠦᠰᠴᠦ ᠵᠢᠷᠤᠭ ᠰᠡᠭᠦᠳᠡᠷ ᠲᠠᠲᠠᠬᠤ᠂ ᠮᠠᠯᠵᠢᠬᠤ  ᠡᠷᠦᠬᠡ ᠪᠠᠷ ᠠᠶᠢᠯᠴᠢᠯᠠᠬᠤ᠂ ᠮᠠᠯᠴᠢᠳ ᠲᠠᠢ ᠬᠠᠮᠲᠤ ᠰᠦ ᠲᠠᠢ ᠴᠠᠢ ᠴᠢᠨᠠᠬᠤ᠂ ᠴᠠᠭᠠᠨ ᠢᠳᠡᠭᠡᠨ ᠬᠢᠬᠦ᠂ ᠪᠣᠷᠴᠠ ᠬᠢᠬᠦ ᠶᠠᠪᠤᠴᠠ ᠶᠢ ᠲᠣᠭᠤᠷᠢᠨ ᠦᠵᠡᠬᠦ᠂ ᠭᠡᠷ   ᠤᠨ ᠭᠠᠳᠠᠨᠠᠬᠢ ᠪᠠᠭᠠᠵᠢ ᠬᠡᠷᠡᠭᠯᠡᠭᠦᠷ ᠲᠣᠭᠤᠷᠢᠭ ᠲᠤ ᠭᠡᠷ ᠤᠨ ᠭᠠᠳᠠᠨᠠᠬᠢ ᠥᠷᠭᠡᠳᠬᠡᠭᠰᠡᠨ ᠪᠣᠯᠪᠠᠰᠤᠷᠠᠯ ᠬᠢᠬᠦ᠂ ᠲᠠᠯ᠎ᠠ ᠳᠡᠭᠡᠷ᠎ᠡ ᠳᠡᠭᠦᠵᠢᠩ ᠨᠠᠭᠠᠳᠬᠤ ᠵᠡᠷᠭᠡ  ᠬᠥᠳᠡᠯᠭᠡᠭᠡᠨ ᠶᠠᠪᠤᠭᠳᠠᠭᠤᠯᠬᠤ᠂ ᠮᠣᠩᠭᠤᠯ ᠤᠨ ᠭᠠᠷᠵᠢ ᠨᠣᠬᠠᠢ ᠶᠢᠨ ᠬᠦᠷᠢᠶᠡᠯᠡᠩ᠂ ᠴᠢᠨ᠋ᠸ᠎ᠠ ᠶᠢᠨ ᠬᠦᠷᠢᠶᠡᠯᠡᠩ᠂ ᠲᠤᠭᠤᠯ ᠤᠨ ᠬᠠᠰᠢᠶ᠎ᠠ᠂ ᠬᠤᠷᠠᠭ᠎ᠠ ᠶᠢᠨ ᠬᠠᠰᠢᠶ᠎ᠠ   ᠶᠢ ᠲᠣᠭᠤᠷᠢᠨ ᠦᠵᠡᠵᠦ᠂ ᠰᠢ ᠶᠠᠩ ᠶᠠᠩ ᠡᠾᠸᠢ ᠲᠠᠢ ᠯᠠᠩ ᠤᠨ ᠬᠡᠦᠬᠡᠯᠳᠡᠢ ᠶᠢᠨ ᠲᠣᠭᠯᠠᠯᠲᠠ ᠶᠢ ᠰᠣᠨᠢᠷᠬᠠᠬᠤ᠂ ᠰᠢ ᠶᠠᠩ ᠶᠠᠩ ᠬᠡᠦᠬᠡᠯᠳᠡᠢ ᠶᠢᠨ ᠬᠤᠪᠴᠠᠰᠤ   ᠶᠢ ᠡᠮᠦᠰᠴᠦ ᠲᠠᠯ᠎ᠠ ᠶᠢᠨ ᠴᠢᠨ᠋ᠸ᠎ᠠ ᠲᠠᠢ ᠵᠢᠷᠤᠭ ᠰᠡᠭᠦᠳᠡᠷᠯᠡᠬᠦ ᠵᠡᠷᠭᠡ ᠵᠠᠩ ᠦᠢᠯᠡ ᠶᠢ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠲᠣᠭᠤᠷᠢᠨ ᠦᠵᠡᠨ᠎ᠡ᠃  ᠦᠳᠡᠰᠢ ᠨᠢ ᠲᠦᠳᠡᠭ ᠭᠠᠯ ᠤᠨ ᠦᠳᠡᠰᠢᠯᠡᠭᠡ ᠳᠤ ᠣᠷᠣᠯᠴᠠᠵᠤ᠂ ᠬᠥᠯᠥᠨ ᠪᠣᠶᠢᠷ ᠤᠨ ᠳᠦᠷᠪᠡᠨ ᠴᠥᠭᠡᠨ ᠲᠣᠭᠠᠲᠤ ᠦᠨᠳᠦᠰᠦᠲᠡᠨ ᠤ ᠬᠠᠮᠲᠤ ᠶᠢᠨ ᠪᠥᠵᠢᠭ ᠢ  ᠪᠥᠵᠢᠭᠯᠡᠨ᠎ᠡ᠃  
ᠢᠷᠡᠯᠲᠡ᠄ ᠲᠣᠲᠣᠷᠬᠠᠢ ᠦᠭᠡᠢ