ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠵᠥᠪᠰᠢᠶᠡᠷᠡᠯ ᠢᠶᠠᠷ᠂ ᠬᠥᠯᠥᠨ ᠪᠣᠶᠢᠷ ᠤᠨ ᠭᠦᠸᠧ ᠯᠢᠶᠠᠩ | ᠵᠢᠭᠤᠯᠴᠢᠯᠠᠯ ᠤᠨ ᠦᠢᠯᠡᠴᠢᠯᠡᠨ ᠤ ᠬᠠᠷᠢᠭᠤᠴᠠᠯᠭᠠᠲᠤ ᠺᠣᠮᠫᠠᠨᠢ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠳᠤ ᠳᠠᠩᠰᠠᠯᠠᠪᠠ᠂ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠠᠵᠢᠯ᠂ ᠬᠢᠯᠢ ᠶᠢᠨ ᠵᠢᠭᠤᠯᠴᠢᠯᠠᠯ ᠤᠨ ᠠᠵᠢᠯ ᠢ ᠡᠵᠡᠩᠨᠡᠵᠦ᠂ ᠰᠢᠨ᠎ᠡ ᠪᠠᠷᠭᠤ ᠵᠡᠭᠦᠨ ᠬᠤᠰᠢᠭᠤᠨ ᠳᠤ ᠵᠢᠭᠤᠯᠴᠢᠯᠠᠯ ᠤᠨ | ᠦᠢᠯᠡᠴᠢᠯᠡᠭᠡᠨ ᠤ ᠭᠠᠵᠠᠷ ᠦᠭᠡᠢ ᠪᠠᠶᠢᠳᠠᠯ ᠢ ᠨᠥᠬᠦᠪᠦᠷᠢᠯᠡᠪᠡ᠃ ᠡᠳᠦᠭᠡ ᠲᠤᠰ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠪᠡᠭᠡᠵᠢᠩ᠂ ᠬᠥᠬᠡᠨᠠᠭᠤᠷ ᠵᠡᠷᠭᠡ | ᠭᠠᠵᠠᠷ ᠬᠦᠷᠴᠦ ᠵᠢᠭᠤᠯᠴᠢᠯᠠᠬᠤ ᠬᠤᠶᠠᠷ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠪᠠ᠃ | | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠲᠠᠮᠢᠷ ᠤᠨ ᠲᠣᠪᠴᠢᠶ᠎ᠠ ᠠᠴᠠ ᠲᠤᠰ ᠵᠢᠭᠤᠯᠴᠢᠯᠠᠯ ᠤᠨ ᠦᠢᠯᠡᠴᠢᠯᠡᠭᠡᠨ ᠤ | ᠭᠠᠵᠠᠷ ᠤᠨ ᠡᠵᠡᠩᠨᠡᠬᠦ ᠠᠵᠢᠯᠯᠠᠭᠠᠨ ᠳᠤ ᠴᠢᠩᠭ᠎ᠠ ᠬᠢᠨᠠᠯᠲᠠ ᠲᠠᠯᠪᠢᠵᠤ᠂ ︽ᠶᠠᠰᠤ ᠴᠢᠨᠠᠷ ᠢ ᠠᠳᠬᠤᠬᠤ᠂ ᠦᠢᠯᠡᠴᠢᠯᠡᠭᠡᠨ ᠢ ᠠᠬᠢᠭᠤᠯᠬᠤ᠂ ᠳᠡᠰ ᠢ ᠳᠡᠪᠰᠢᠭᠦᠯᠬᠦ᠂ | ᠬᠢᠷᠢ ᠲᠦᠪᠰᠢᠨ ᠢ ᠳᠡᠭᠡᠭᠰᠢᠯᠡᠭᠦᠯᠬᠦ᠂ ᠨᠡᠷᠡᠲᠦ ᠲᠡᠮᠳᠡᠭ ᠢ ᠡᠭᠦᠳᠬᠦ︾ ᠵᠠᠷᠴᠢᠮ ᠢᠶᠠᠷ᠂ ᠦᠢᠯᠡᠴᠢᠯᠡᠭᠡᠨ ᠤ ᠪᠠᠷᠢᠮᠵᠢᠶ᠎ᠠ ᠶᠢ ᠳᠦᠷᠢᠮᠵᠢᠭᠦᠯᠵᠦ᠂ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠵᠤᠭᠠᠴᠠᠭᠤᠯᠤᠭᠴᠢ ᠶᠢᠨ ᠬᠡᠪ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠦᠬᠦ ᠲᠠᠯ᠎ᠠ ᠶᠢᠨ ᠦᠢᠯᠡᠴᠢᠯᠡᠭᠡᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠤᠷ ᠬᠥᠭᠵᠢᠯᠲᠡ ᠳᠤ | ᠵᠣᠬᠢᠬᠤ ᠬᠤᠪᠢ ᠨᠡᠮᠡᠭᠦᠷᠢ ᠪᠠᠨ ᠦᠵᠡᠭᠦᠯᠦᠨ᠎ᠡ᠃ | | | |