9 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠠᠯ᠎ᠠ ᠨᠤᠲᠤᠭ ᠤᠨ ᠵᠢᠭᠤᠯᠴᠢᠯᠠᠯ᠂ | ᠤᠢ ᠰᠢᠭᠤᠢ ᠶᠢᠨ ᠵᠢᠭᠤᠯᠴᠢᠯᠠᠯ᠂ ᠥᠪᠡᠷ ᠢᠶᠠᠨ ᠮᠠᠰᠢᠨ ᠪᠠᠷᠢᠬᠤ ᠵᠢᠭᠤᠯᠴᠢᠯᠠᠯ᠂ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ | ᠤᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ 6 ᠶᠡᠭᠡ ᠭᠤᠣᠯ ᠰᠡᠳᠦᠪ ᠢᠶᠠᠷ ᠥᠪᠥᠷ ᠮᠣᠩᠭᠤᠯ ᠤᠨ ᠨᠠᠮᠤᠷ ᠤᠨ ᠵᠢᠭᠤᠯᠴᠢᠯᠠᠯ ᠤᠨ 20 ᠰᠣᠳᠣᠨ | ᠵᠠᠮ ᠱᠤᠭᠤᠮ ᠢ ᠨᠡᠶᠢᠲᠡᠯᠡᠵᠦ᠂ ᠬᠤᠯᠠ ᠣᠶᠢᠷ᠎ᠠ ᠶᠢᠨ ᠵᠢᠭᠤᠯᠴᠢᠯᠠᠬᠰᠠᠳ ᠲᠤ ᠴᠢᠩ ᠰᠡᠳᠬᠢᠯ ᠤᠨ ᠤᠷᠢᠯᠭ᠎ᠠ ᠲᠠᠯᠪᠢᠯ᠎ᠠ᠃ | ᠲᠠᠯ᠎ᠠ ᠨᠤᠲᠤᠭ ᠤᠨ ᠵᠢᠭᠤᠯᠴᠢᠯᠠᠯ ᠳᠤ ᠬᠠᠮᠤᠭ ᠤᠨ ᠰᠠᠶᠢᠬᠠᠨ ᠲᠠᠯ᠎ᠠ ᠨᠤᠲᠤᠭ ᠤᠨ ᠠᠶᠠᠯᠠᠯ ᠢᠶᠠᠷ ᠬᠥᠯᠥᠨ ᠪᠤᠶᠢᠷ ᠤᠨ ᠨᠠᠮᠤᠷ ᠤᠨ ᠥᠩᠭᠡ | ᠦᠵᠡᠮᠵᠢ ᠶᠢ ᠰᠣᠨᠢᠷᠬᠠᠬᠤ᠂ ᠲᠠᠯ᠎ᠠ ᠨᠤᠲᠤᠭ ᠡᠯᠡᠰᠦᠨ ᠴᠥᠯ ᠤᠨ ᠠᠶᠠᠯᠠᠯ ᠢᠶᠠᠷ ᠲᠦᠩᠯᠢᠶᠣᠣ ᠳᠤ ᠵᠢᠭᠤᠯᠴᠢᠯᠠᠬᠤ᠂ ᠬᠢᠯᠢ ᠬᠢᠵᠠᠭᠠᠷ ᠤᠨ ᠲᠠᠯ᠎ᠠ ᠨᠤᠲᠤᠭ ᠤᠨ ᠵᠠᠩ | ᠦᠶᠯᠡ ᠶᠢᠨ ᠠᠶᠠᠯᠠᠯ ᠢᠶᠠᠷ ᠪᠣᠷᠣᠳᠣᠬᠤᠢ ᠶᠢᠨ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ 3 ᠵᠠᠮ ᠱᠤᠭᠤᠮ ᠪᠠᠭᠲᠠᠪᠠ᠃ ᠣᠢ ᠰᠢᠭᠤᠢ ᠶᠢᠨ | ᠵᠢᠭᠤᠯᠴᠢᠯᠠᠯ ᠳᠤ ᠬᠠᠮᠤᠭ ᠤᠨ ᠭᠤᠶᠤ ᠶᠡᠭᠡ ᠬᠢᠩᠭᠠᠨ ᠳᠠᠪᠠᠭ᠎ᠠ ᠶᠢᠨ ᠲᠣᠭᠤᠷᠢᠯ ᠵᠠᠮ ᠢᠶᠠᠷ ᠳᠣᠮᠣᠭᠲᠤ ᠶᠢᠷᠲᠢᠨᠴᠦ ᠳᠤ ᠠᠶᠠᠯᠠᠬᠤ᠂ ᠬᠡᠭᠡᠷ᠎ᠡ ᠪᠠᠭᠤᠳᠠᠯᠯᠠᠵᠤ ᠣᠢ | ᠰᠢᠭᠤᠢ ᠳᠤ ᠰᠠᠷ᠎ᠠ ᠰᠣᠨᠢᠷᠬᠠᠬᠤ ᠶᠠᠪᠠᠭᠠᠨ ᠠᠶᠠᠯᠠᠯ ᠢᠶᠠᠷ ᠵᠤᠭ᠎ᠠ ᠴᠡᠩᠭᠡᠯ ᠢ ᠡᠳ᠋ᠯᠡᠬᠦ᠂ ᠶᠠᠨᠱᠠᠨ ᠠᠭᠤᠯᠠ ᠶᠢᠨ ᠠᠷᠤ ᠬᠤᠷᠮᠣᠢ - ᠵᠠᠭᠤᠨ ᠭᠠᠵᠠᠷ ᠤᠨ ᠵᠢᠷᠤᠭᠲᠤ | ᠬᠤᠩᠭᠢᠯ ᠤᠨ ᠨᠠᠮᠤᠷ ᠤᠨ ᠠᠶᠠᠯᠠᠯ ᠢᠶᠠᠷ ᠬᠤᠩᠱᠠᠨ ᠰᠣᠶᠣᠯ ᠢ ᠰᠣᠨᠢᠷᠬᠠᠬᠤ᠂ ᠠᠯᠠᠱᠠ ᠶᠢᠨ ᠡᠯᠡᠰᠦᠨ ᠴᠥᠯ ᠤᠨ ᠲᠣᠣᠷᠠᠢ ᠶᠢᠨ ᠤᠢ ᠶᠢᠨ ᠠᠶᠠᠯᠠᠯ ᠢᠶᠠᠷ ᠬᠠᠮᠤᠭ ᠤᠨ | ᠭᠤᠶᠤ ᠲᠣᠣᠷᠠᠢ ᠶᠢᠨ ᠤᠢ ᠶᠢ ᠰᠣᠨᠢᠷᠬᠠᠬᠤ ᠵᠡᠷᠭᠡ 4 ᠵᠠᠮ ᠱᠤᠭᠤᠮ ᠪᠠᠭᠲᠠᠵᠠᠢ᠃ ᠥᠪᠡᠷ ᠢᠶᠠᠨ ᠮᠠᠰᠢᠨ ᠪᠠᠷᠢᠬᠤ ᠵᠢᠭᠤᠯᠴᠢᠯᠠᠯ ᠳᠤ ᠠᠯᠲᠠᠨ ᠨᠠᠮᠤᠷ ᠢᠶᠠᠷ | ᠭᠦᠭᠡᠬᠤᠲᠠ ᠳᠤ ᠠᠮᠠᠷᠠᠵᠤ ᠵᠤᠭᠠᠴᠠᠨ ︽ᠵᠢᠭᠤᠯᠴᠢᠯᠠᠯ ᠤᠨ ᠳᠥᠷᠪᠡᠨ ᠭᠠᠵᠠᠷ︾ ᠢᠶᠠᠷ ᠠᠶᠠᠯᠠᠬᠤ᠂ ᠳᠤᠮᠳᠠᠳᠤ ᠮᠣᠩᠭᠤᠯ ᠤᠨ ᠬᠢᠯᠢ ᠶᠢᠨ ᠪᠣᠭᠤᠮᠲᠠ ᠶᠢᠨ ᠠᠶᠠᠯᠠᠯ ᠢᠶᠠᠷ | ᠴᠠᠢ ᠶᠢᠨ ᠵᠠᠮ ᠤᠨ ᠥᠷᠲᠡᠭᠡ ᠶᠢ ᠰᠣᠨᠢᠷᠬᠠᠬᠤ᠂ ᠥᠪᠡᠷ ᠢᠶᠠᠨ ᠮᠠᠰᠢᠨ ᠪᠠᠷᠢᠵᠤ ᠰᠢᠯᠢ ᠶᠢᠨ ᠭᠤᠣᠯ ᠤᠨ ᠲᠠᠯ᠎ᠠ ᠨᠤᠲᠤᠭ ᠢᠶᠠᠷ ᠲᠣᠭᠤᠷᠢᠬᠤ᠂ ︽ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ·ᠡᠷᠲᠡᠨ ᠤ ᠵᠠᠮ ᠤᠨ ᠤᠯᠠ ᠮᠥᠷ ᠢ ᠬᠠᠶᠢᠬᠤ︾ ᠵᠡᠷᠭᠡ 4 ᠵᠠᠮ ᠱᠤᠭᠤᠮ ᠪᠠᠭᠲᠠᠪᠠ᠃ ᠬᠤᠪᠢᠰᠬᠠᠯ ᠤᠨ ᠬᠥᠮᠦᠵᠢᠯ ᠤᠨ ᠵᠢᠭᠤᠯᠴᠢᠯᠠᠯ ᠳᠤ | ᠮᠠᠨᠵᠤᠤᠷ ᠤᠨ ᠬᠤᠪᠢᠰᠬᠠᠯ ᠤᠨ ᠳᠤᠷᠠᠳᠬᠠᠯ ᠤᠨ ᠠᠶᠠᠯᠠᠯ᠂ ᠪᠠᠶᠠᠨᠨᠠᠭᠤᠷ ᠤᠨ ︽ᠳᠤᠷᠠᠳᠬᠠᠯ·ᠤᠭ ᠰᠠᠨᠠᠭ᠎ᠠ︾ ᠬᠤᠪᠢᠰᠬᠠᠯ ᠤᠨ ᠪᠡᠶᠡᠴᠢᠯᠡᠨ ᠣᠶᠢᠯᠠᠭᠠᠬᠤ ᠠᠶᠠᠯᠠᠯ᠂ | ᠥᠪᠥᠷ ᠮᠣᠩᠭᠤᠯ ᠤᠨ ᠬᠤᠪᠢᠰᠬᠠᠯ ᠤᠨ ᠡᠬᠢ ᠡᠭᠦᠰᠦᠯ ᠤᠨ ᠭᠠᠵᠠᠷ ᠤᠨ ᠠᠶᠠᠯᠠᠯ ᠵᠡᠷᠭᠡ 3 ᠵᠠᠮ ᠱᠤᠭᠤᠮ ᠪᠠᠭᠲᠠᠪᠠ᠃ | ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠳᠤ ᠤᠮᠠᠷᠠᠲᠤ ᠬᠢᠯᠢ ᠶᠢᠨ ᠰᠣᠶᠣᠯ ᠢ ᠪᠡᠶᠡᠴᠢᠯᠡᠨ ᠣᠶᠢᠯᠠᠭᠠᠬᠤ ᠠᠶᠠᠯᠠᠯ᠂ ᠤᠮᠠᠷᠠᠲᠤ | ᠬᠢᠯᠢ ᠶᠢᠨ ᠴᠠᠰᠤᠨ ᠤᠶᠠᠩᠭ᠎ᠠ ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠤ ᠠᠶᠠᠯᠠᠯ᠂ ᠪᠣᠷᠣᠳᠣᠬᠤᠢ ᠶᠢᠨ ᠡᠷᠲᠡᠨ ᠤ ᠪᠣᠳᠠᠰ ᠤᠨ ᠪᠤᠰᠤ | ᠰᠣᠶᠣᠯ ᠤᠨ ᠥᠪ ᠤᠨ ᠠᠶᠠᠯᠠᠯ᠂ ︽ᠪᠣᠳᠠᠰ ᠤᠨ ᠪᠤᠰᠤ ᠰᠣᠶᠣᠯ ᠤᠨ ᠥᠪ ᠢ ᠣᠶᠢᠯᠠᠭᠠᠬᠤ︾ ᠠᠶᠠᠯᠠᠯ ᠵᠡᠷᠭᠡ 4 ᠵᠠᠮ ᠱᠤᠭᠤᠮ ᠪᠠᠭᠲᠠᠵᠠᠢ᠃ ᠬᠢᠯᠢ ᠠᠯᠤᠰᠯᠠᠭᠰᠠᠨ | ᠵᠢᠭᠤᠯᠴᠢᠯᠠᠯ ᠳᠤ ᠮᠠᠨᠵᠤᠤᠷ ᠤᠨ ᠬᠢᠯᠢ ᠠᠯᠤᠰᠯᠠᠭᠰᠠᠨ ᠠᠶᠠᠯᠠᠯ᠂ ᠲᠤᠮᠳᠠᠳᠤ ᠮᠣᠩᠭᠤᠯ ᠤᠷᠤᠰ ᠤᠨ ︽ᠭᠤᠷᠪᠠᠨ ᠨᠠᠭᠤᠷ ᠤᠨ ᠪᠣᠯᠵᠤᠭ᠎ᠠ︾ ᠬᠢᠯᠢ ᠠᠯᠤᠰᠯᠠᠭᠰᠠᠨ | ᠠᠶᠠᠯᠠᠯ ᠵᠡᠷᠭᠡ 2 ᠵᠠᠮ ᠱᠤᠭᠤᠮ ᠪᠠᠭᠲᠠᠪᠠ᠃ | | | |