ᠮᠠᠨ ᠤ ᠣᠷᠣᠨ ᠳᠤ 3 ᠣᠳᠣᠨ ᠲᠠᠰ ᠤᠨ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤ 2 ᠨᠡᠮᠡᠭᠳᠡᠪᠡ
ᠨᠡᠶᠢᠲᠡᠯᠡᠭᠰᠡᠨ ᠴᠠᠭ᠄
2025/4/22
          ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠨᠡᠶᠢᠭᠡᠮᠯᠢᠭ ᠣᠶᠢᠷ᠎ᠠ ᠳᠤ ᠳᠥᠷᠪᠡᠳᠦᠭᠡᠷ ᠪᠦᠯᠦᠭ ᠤᠨ ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ  ︵ᠪᠠᠯᠭᠠᠰᠤ︶ ᠤ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠪᠠ 2024 ᠣᠨ ᠤ ᠭᠠᠵᠠᠷ  ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠤ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠷ᠎ᠡ ᠪᠦᠲᠦᠭᠡᠯ ᠢ ᠦᠨᠡᠯᠡᠨ ᠲᠣᠭᠲᠠᠭᠠᠭᠰᠠᠨ ᠦᠷ᠎ᠡ  ᠳ᠋ᠦᠩ ᠢ ᠨᠡᠶᠢᠲᠡᠯᠡᠵᠦ᠂ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠰᠣᠶᠣᠯ ᠤᠨ 2 ᠪᠠᠯᠭᠠᠰᠤ ᠦᠨᠡᠯᠡᠨ ᠲᠣᠭᠲᠠᠭᠠᠯᠲᠠ ᠪᠠᠷ ᠳᠠᠮᠵᠢᠨ ︽ᠭᠤᠷᠪᠠᠨ ᠣᠳᠣᠨ ᠲᠠᠰ︾   ᠤᠨ ᠢᠷᠠᠭᠤ ᠠᠯᠳᠠᠷ ᠢ ᠭᠦᠷᠳᠡᠪᠡ᠃              ᠡᠭᠦᠨ ᠳᠤ᠂ ᠤᠯᠠᠭᠠᠨᠴᠠᠪ ᠬᠤᠳᠠ ᠶᠢᠨ ᠰᠢᠩ ᠾᠧ ᠰᠢᠶᠠᠨ ᠤ ᠳ᠋ᠢᠶᠠᠨ ᠽᠢ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤ ᠨᠢ ᠪᠦᠭᠦ ᠤᠯᠤᠰ ᠤᠨ  ᠳᠥᠷᠪᠡᠳᠦᠭᠡᠷ ᠪᠦᠯᠦᠭ ᠤᠨ ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠤ ᠦᠨᠡᠯᠡᠨ ᠲᠣᠭᠲᠠᠭᠠᠯᠲᠠ ᠪᠠᠷ︽ᠭᠤᠷᠪᠠᠨ ᠤᠳᠤᠨ ᠲᠡᠰ︾ ᠢᠶᠠᠷ  ᠦᠨᠡᠯᠡᠭᠳᠡᠪᠡ; ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠪᠣᠷᠣᠬᠤᠰᠢᠭᠤ ᠶᠢᠨ ᠳᠠᠯᠠᠨ ᠬᠠᠷ᠎ᠠ ᠠᠭᠤᠯᠠ ᠶᠢᠨ ᠭᠠᠵᠠᠷ ᠰᠢᠨᠵᠢᠯᠡᠭᠡᠨ ᠤ ᠰᠣᠶᠣᠯ ᠤᠨ  ᠪᠠᠯᠭᠠᠰᠤ ᠨᠢ 2024 ᠣᠨ ᠤ ᠭᠠᠵᠠᠷ ᠰᠢᠨᠵᠢᠯᠡᠭᠡᠨ ᠤ ᠰᠣᠶᠣᠯ ᠤᠨ ᠲᠣᠰᠬᠤᠨ ︵ᠪᠠᠯᠭᠠᠰᠤ︶ ᠤ  ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠦᠷ᠎ᠡ  ᠪᠦᠲᠦᠭᠡᠯ ᠤᠨ ᠦᠨᠡᠯᠡᠨ ᠲᠣᠭᠲᠠᠭᠠᠯᠲᠠ ᠪᠠᠷ  ᠠᠮᠵᠢᠯᠲᠠ ᠲᠠᠢ ᠪᠠᠷ ︽ᠭᠤᠷᠪᠠᠨ ᠣᠳᠣᠨ ᠲᠠᠰ︾ ᠪᠣᠯᠣᠨ ᠳᠡᠰ ᠳᠡᠪᠰᠢᠪᠡ᠃                  ᠤᠯᠠᠭᠠᠨᠴᠠᠪ ᠬᠤᠳᠠ ᠶᠢᠨ ᠰᠢᠩ ᠾᠧ ᠰᠢᠶᠠᠨ ᠤ ᠳ᠋ᠢᠶᠠᠨ ᠽᠢ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤ ︽ᠭᠠᠵᠠᠷ ᠰᠢᠨᠵᠢᠯᠡᠭᠡᠨ + ᠠᠮᠢ  ᠠᠬᠤᠢ ᠶᠢᠨ ᠵᠢᠭᠤᠯᠴᠢᠯᠠᠯ︾ ᠢ ᠪᠦᠲᠦᠭᠡᠨ ᠪᠠᠶᠢᠭᠤᠯᠬᠤ ᠰᠡᠳᠬᠢᠴᠡ ᠪᠤᠯᠭᠠᠵᠤ᠂ ᠡᠯᠪᠡᠭ ᠪᠠᠶᠠᠯᠢᠭ ᠭᠠᠵᠠᠷ ᠰᠢᠨᠵᠢᠯᠡᠭᠡᠨ ᠤ ᠡᠬᠢ ᠪᠠᠶᠠᠯᠢᠭ ᠪᠠ ᠦᠵᠡᠰᠬᠦᠯᠡᠩᠲᠦ  ᠰᠠᠶᠢᠬᠠᠨ ᠠᠮᠢ ᠠᠬᠤᠢ ᠣᠷᠴᠢᠨ ᠲᠣᠭᠤᠷᠢᠨ ᠳᠤ ᠲᠦᠰᠢᠭᠯᠡᠨ᠂ ᠪᠠᠯᠭᠠᠰᠤᠨ ᠤ ᠳᠠᠪᠠᠭᠤᠯᠢᠭ ᠠᠵᠤ ᠦᠢᠯᠡᠰ ᠢ ᠭᠦᠨᠵᠡᠭᠡᠢ ᠠᠭᠤᠳᠠᠯᠬᠤ ᠪᠠᠷ ᠳᠠᠮᠵᠢᠭᠤᠯᠤᠨ᠂ ᠭᠠᠵᠠᠷ  ᠰᠢᠨᠵᠢᠯᠡᠭᠡᠨ ᠤ ᠰᠤᠳᠤᠯᠤᠯ ᠤᠨ ᠵᠢᠭᠤᠯᠴᠢᠯᠠᠯ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠵᠤ᠂ ᠭᠠᠵᠠᠷ ᠰᠢᠨᠵᠢᠯᠡᠭᠡᠨ ᠤ ᠰᠣᠶᠣᠯ ᠢ ᠬᠥᠳᠡᠭᠡ ᠲᠣᠰᠬᠤᠨ ᠢ  ᠬᠥᠭᠵᠢᠭᠦᠯᠦᠨ ᠮᠠᠨᠳᠤᠭᠤᠯᠬᠤ ᠯᠤᠭ᠎ᠠ ᠣᠷᠭᠠᠨᠢᠭ ᠢᠶᠠᠷ ᠠᠭᠤᠰᠤᠯᠴᠠᠭᠤᠯᠪᠠ᠃  ᠭᠦᠭᠡᠬᠤᠲᠠ ᠶᠢᠨ ᠰᠢᠨ᠎ᠡ  ᠬᠤᠲᠠ ᠲᠣᠭᠤᠷᠢᠭ ᠤᠨ ᠪᠣᠷᠣᠬᠤᠰᠢᠭᠤ ᠶᠢᠨ ᠳᠠᠯᠠᠨ  ᠬᠠᠷ᠎ᠠ ᠠᠭᠤᠯᠠ ᠶᠢᠨ ᠭᠠᠵᠠᠷ ᠰᠢᠨᠵᠢᠯᠡᠭᠡᠨ ᠤ ᠰᠣᠶᠣᠯ ᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠨᠢ ᠠᠯᠳᠠᠷᠲᠤ ︽ᠳ᠋ᠠ ᠶᠣᠣ ᠶᠢᠨ ᠰᠣᠶᠣᠯ︾ ᠢᠶᠠᠷ    ᠭᠠᠷᠳᠠᠴᠠ  ᠪᠤᠯᠭᠠᠵᠤ᠂  ᠪᠠᠯᠭᠠᠰᠤᠨ ᠤ  ᠭᠠᠵᠠᠷ ᠰᠢᠨᠵᠢᠯᠡᠭᠡᠨ ᠤ ᠦᠯᠡᠳᠡᠭᠳᠡᠯ ᠤᠨ ᠪᠤᠢ ᠪᠣᠯᠤᠭᠰᠠᠨ ᠤ ᠲᠤᠬᠠᠢ ᠵᠠᠳᠠᠯᠤᠨ ᠲᠠᠶᠢᠯᠪᠤᠷᠢᠯᠠᠬᠤ ᠶᠢᠨ ᠬᠠᠮᠲᠤ ᠴᠡᠯᠡᠭᠡᠷ   ᠲᠠᠯ᠎ᠠ᠂ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠲᠡᠦᠬᠡ ᠵᠡᠷᠭᠡ ᠡᠬᠢ ᠪᠠᠶᠠᠯᠢᠭ ᠲᠤ ᠲᠦᠰᠢᠭᠯᠡᠨ᠂ ︽ᠭᠠᠵᠠᠷ ᠰᠢᠨᠵᠢᠯᠡᠭᠡᠨ +︾ ᠪᠠᠷ ᠳᠠᠮᠵᠢᠭᠤᠯᠤᠨ᠂ ᠪᠦᠭᠦ  ᠪᠠᠯᠭᠠᠰᠤᠨ ᠤ ᠡᠬᠢ ᠪᠠᠶᠠᠯᠢᠭ ᠤᠨ ︽ᠤᠷᠤᠯᠭ᠎ᠠ︾ ᠡᠭᠦᠳᠬᠦ ᠶᠢ ᠠᠬᠢᠭᠤᠯᠤᠨ᠎ᠠ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ