6 ᠰᠠᠷ᠎ᠠ ᠶᠢᠨ 30 ᠤ ᠡᠳᠦᠷ᠂ 2024 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ | ᠭᠦᠭᠡᠬᠤᠲᠠ ᠳᠤ ᠬᠤᠷᠠᠯᠳᠤᠪᠠ᠃ | ᠲᠤᠬᠠᠢ ᠶᠢᠨ ᠲᠠᠯᠠᠪᠠᠶ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠤ ᠳ᠋ᠧ ᠭᠠᠵᠠᠷ ᠤᠨ | ᠵᠢᠷᠤᠭ ᠲᠠᠢ ᠬᠠᠮᠲᠤᠷᠠᠨ ᠬᠢᠭᠰᠡᠨ ︽ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ︾ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠲᠠᠪᠴᠠᠩ ᠢ | ᠪᠦᠭᠦ ᠪᠥᠮᠪᠥᠷᠴᠡᠭ ᠲᠤ ᠨᠡᠶᠢᠲᠡᠯᠡᠪᠡ᠃ ᠡᠭᠦᠨ ᠤ ᠬᠠᠮᠲᠤ ᠲᠣᠰ ᠲᠠᠪᠴᠠᠩ ᠳᠡᠭᠡᠷ᠎ᠡ ︽ᠤᠯᠤᠰ ᠤᠨ ᠵᠠᠮ ᠤᠨ 331 ᠵᠠᠮ ᠱᠤᠭᠤᠮ︾᠂ ︽G7 ᠲᠦᠷᠭᠡᠨ ᠤ ᠵᠠᠰᠠᠮᠠᠯ | ᠵᠠᠮ︾᠂︽ᠤᠮᠠᠷᠠᠲᠤ ᠬᠢᠯᠢ ᠶᠢᠨ ᠨᠢᠭᠡᠳᠦᠭᠡᠷ ᠨᠣᠮᠧᠷᠲᠤ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠵᠠᠰᠠᠮᠠᠯ ᠵᠠᠮ︾ ᠭᠡᠬᠦ ᠥᠪᠡᠰᠦᠪᠡᠨ ᠲᠡᠷᠭᠡ ᠵᠢᠯᠤᠭᠤᠳᠴᠤ | ᠵᠢᠭᠤᠯᠴᠢᠯᠠᠬᠤ ᠵᠠᠮ ᠱᠤᠭᠤᠮ ᠢ ᠨᠡᠪᠲᠡᠷᠡᠭᠦᠯᠵᠡᠢ᠃ | ᠭᠠᠷ ᠤᠲᠠᠰᠤᠨ ᠤ ᠭᠤᠤ ᠳ᠋ᠧ ᠭᠠᠵᠠᠷ ᠤᠨ ᠵᠢᠷᠤᠭ ᠤᠨ APP ᠪᠠᠨ ᠨᠡᠭᠡᠭᠡᠵᠦ᠂︽ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ︾ ᠶᠢ | ᠲᠣᠪᠴᠢᠳᠠᠪᠠᠯ᠂ ᠥᠪᠡᠰᠦᠪᠡᠨ ᠲᠡᠷᠭᠡ ᠵᠢᠯᠤᠭᠤᠳᠴᠤ ᠵᠢᠭᠤᠯᠴᠢᠯᠠᠬᠤ ᠵᠠᠳᠠᠯᠤᠯᠲᠠ ᠬᠠᠩᠭᠠᠵᠤ ᠲᠠ ᠨᠠᠷ ᠤᠨ ᠵᠢᠭᠤᠯᠴᠢᠯᠠᠯ ᠳᠤ ᠨᠡᠩ ᠲᠥᠭᠦᠮ ᠦᠵᠡᠭᠦᠯᠭᠦ ᠪᠣᠯᠣᠨ᠎ᠠ᠃ | | | | |