ᠡᠸ᠋ᠨᠩᠬᠢ ᠶᠢᠨ ᠮᠦᠽᠸᠢ
ᠨᠡᠶᠢᠲᠡᠯᠡᠭᠰᠡᠨ ᠴᠠᠭ᠄
2025/4/23
    ᠡᠸ᠋ᠨᠩᠬᠢ ᠶᠢᠨ ᠮᠦᠽᠸᠢ 4800 ᠬᠠᠪᠳᠠᠭᠠᠢ ᠲᠦᠷᠪᠡᠯᠵᠢᠨ ᠮᠧᠲᠷ ᠭᠠᠵᠠᠷ ᠡᠵᠡᠯᠡᠵᠦ᠂ ᠮᠦᠽᠸᠢ ᠶᠢᠨ ᠲᠤᠳᠤᠷ᠎ᠠ ᠨᠢ ᠦᠵᠡᠮᠦᠷᠢ ᠤᠯᠠᠨᠳᠠᠢ᠂ ᠬᠤᠪᠣᠷ ᠨᠠᠨᠳᠢᠨ ᠲᠡᠣᠬᠡ ᠶᠢᠨ ᠳᠣᠷᠠᠰᠬᠠᠯᠳᠣ ᠵᠦᠢᠯᠡᠰ᠂ ᠬᠤᠪᠤᠷ ᠴᠤᠬᠠᠭ ᠠᠮᠢᠳᠠᠨ ᠤᠷᠭᠤᠮᠠᠯ ᠤᠨ ᠦᠯᠢᠭᠡᠷ ᠭᠡᠪ᠂ ᠪᠤᠳᠠᠳᠤ ᠮᠠᠲ᠋ᠧᠷᠢᠶᠠᠯ᠂ ᠵᠢᠷᠤᠭ ᠵᠠᠷᠭᠡ ᠪᠠᠶᠢᠳᠠᠭ᠃ ᠦᠵᠡᠰᠬᠦᠯᠡᠩ ᠭᠠᠷᠭᠠᠬᠤ ᠳᠠᠭᠠᠨ ᠬᠠᠪᠳᠠᠭᠠᠢ ᠪᠠ ᠪᠣᠰᠤᠭ᠎ᠠ ᠪᠠᠶᠡᠳᠤ ᠴᠤᠭᠴᠠ ᠶᠢ ᠬᠠᠷᠢᠯᠴᠠᠨ ᠤᠶᠠᠯᠳᠤᠭᠤᠯᠬᠤ ᠶᠢ ᠠᠩᠬᠠᠷᠴᠤ᠂ ᠡᠸ᠋ᠨᠩᠬᠢ ᠦᠨᠳᠦᠰᠦᠳᠡᠨ ᠤ ᠦᠨᠢ ᠣᠳᠠᠭᠠᠨ ᠠᠤᠭ᠎ᠠ ᠶᠡᠭᠡ ᠲᠡᠤᠭᠡ ᠪᠠ ᠵᠠᠩ ᠢᠷᠡᠬᠡᠨᠰᠢᠯ ᠵᠢᠴᠢ ᠡᠸ᠋ᠨᠩᠬᠢ ᠦᠨᠳᠦᠰᠦᠲᠡᠨ ᠤ ᠣᠳᠣ ᠦᠶ᠎ᠡ ᠶᠢᠨ ᠬᠡᠪ ᠨᠠᠮᠪᠠ ᠶᠢ ᠪᠤᠳᠠᠳᠠᠢ ᠬᠠᠷᠠᠭᠤᠯᠤᠭᠰᠠᠨ ᠪᠠᠶᠢᠨ᠎ᠠ᠃ ᠮᠦᠽᠸᠢ ᠶᠢᠨ ᠲᠡᠤᠭᠡ ᠶᠢᠨ ᠲᠢᠩᠬᠢᠮ ᠳᠤ ᠪᠠᠰᠠ ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ ᠠᠴᠠ ᠨᠠᠰᠢᠬᠢ ᠬᠦᠭᠵᠢᠯᠳᠠ᠂ ᠪᠦᠳᠦᠭᠡᠨ ᠪᠠᠶᠢᠭᠤᠯᠤᠯᠳᠠ ᠶᠢᠨ ᠬᠢᠯᠠᠯᠵᠠᠮ᠎ᠠ ᠠᠮᠵᠢᠯᠳᠠ ᠪᠠ ᠭᠡᠷᠡᠯ ᠰᠠᠴᠤᠷᠠᠩᠭᠤᠢ ᠭᠡᠳᠦ ᠶᠢᠨ ᠲᠦᠯᠦᠪ ᠢ ᠬᠠᠷᠠᠭᠤᠯᠤᠭᠰᠠᠨ ᠪᠠᠶᠢᠨ᠎ᠠ᠃  
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ