ᠡᠸ᠋ᠨᠩᠬᠢ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ 1958 ᠤᠨ ᠳᠤ ᠪᠠᠶᠢᠭᠤᠯᠤᠭᠳᠠᠵᠦ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ | ᠠᠷᠠᠳ ᠤᠯᠠᠨ ᠤ ᠡᠮᠨᠡᠬᠦᠯᠦᠨ ᠵᠠᠰᠠᠭᠤᠯᠬᠤ᠂ ᠤᠷᠢᠳᠴᠢᠯᠠᠨ ᠰᠠᠷᠭᠡᠶᠢᠯᠡᠬᠦ ᠡᠷᠡᠭᠦᠯ ᠢ ᠬᠠᠮᠠᠭᠠᠯᠠᠬᠤ ᠠᠵᠢᠯ ᠢ ᠡᠭᠦᠷᠭᠡᠯᠡᠵᠦ ᠪᠤᠢ᠃ ᠨᠠᠶᠢᠭᠡᠮ ᠤᠨ ᠬᠦᠭᠵᠢᠯᠳᠠ ᠶᠢ | ᠲᠠᠭᠠᠯᠳᠤᠨ᠂ ᠠᠷᠠᠳ ᠤᠯᠠᠨ ᠤ ᠡᠮᠨᠡᠭᠦᠯᠬᠦ ᠭᠡᠷᠡᠭᠴᠡᠭᠡ ᠱᠠᠭᠠᠷᠳᠠᠯᠭ᠎ᠠ ᠲᠠᠰᠤᠷᠠᠯᠳᠠ ᠦᠭᠡᠢ ᠲᠡᠭᠡᠭᠰᠢᠯᠡᠬᠦ᠂ ᠡᠮᠨᠡᠯᠭᠡ ᠶᠢᠨ ᠬᠤᠷᠢᠶᠠᠨ ᠳᠤ ᠮᠠᠷᠭᠡᠵᠢᠯ ᠤᠨ ᠠᠵᠢᠯᠴᠢᠨ | ᠲᠤᠳᠠᠭᠳᠠᠵᠦ᠂ ᠪᠡᠯᠡᠳᠭᠡᠮᠵᠢ ᠲᠦᠭᠦᠭᠡᠷᠦᠮᠵᠢ ᠬᠠᠭᠤᠴᠢᠷᠠᠭᠰᠠᠨ᠂ ᠡᠮᠨᠡᠯᠭᠡ ᠶᠢᠨ ᠲᠤᠬᠠᠶᠢᠯᠠᠭᠰᠠᠨ ᠠᠵᠢᠯ ᠤᠨ ᠦᠷᠨᠢᠭᠳᠡᠬᠦ ᠨᠢ ᠤᠳᠠᠭᠠᠯᠢᠭ ᠠᠴᠠ ᠪᠤᠯᠵᠦ ᠠᠷᠠᠳ | ᠤᠯᠠᠨ ᠤ ᠰᠠᠳᠬᠢᠯ ᠬᠠᠨᠤᠮᠵᠢ ᠶᠢᠨ ᠭᠡᠮᠵᠢᠶ᠎ᠠ ᠲᠤᠤᠷ᠎ᠠ ᠪᠠᠶᠢᠵᠦ᠂ ᠨᠠᠶᠢᠭᠡᠮ ᠤᠨ ᠦᠷ᠎ᠠ ᠠᠰᠢᠭ ᠡᠳᠦᠷ ᠢᠷᠡᠭᠦᠶ᠎ᠠ ᠲᠤᠷᠤᠭᠰᠢᠯᠠᠪᠠ᠃ ᠲᠦᠪ ᠤᠨ ᠡᠷᠡᠭᠦᠯ ᠬᠠᠮᠠᠭᠠᠯᠠᠯ | ᠤᠨ ᠪᠠᠶᠢᠭᠤᠯᠤᠯ ᠤᠨ ᠦᠭᠡᠷᠡᠴᠢᠯᠠᠯᠳᠠ ᠶᠢᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠡᠸ᠋ᠨᠩᠬᠢ ᠬᠤᠰᠢᠭᠤᠨ ᠤ ᠠᠷᠠᠳ ᠤᠯᠠᠨ ᠤ | ᠤᠯᠠᠨ ᠲᠠᠰ ᠲᠠᠪᠬᠤᠷᠭᠠᠳᠤ ᠡᠮᠨᠡᠭᠦᠯᠬᠦ ᠭᠡᠷᠡᠭᠴᠡᠭᠡ ᠶᠢ ᠨᠠᠩ ᠰᠠᠶᠢᠨ ᠢᠶᠠᠷ ᠬᠠᠩᠭᠠᠬᠤ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ | ᠤᠨ ᠤᠷᠳᠤᠨ ᠤ ᠬᠦᠴᠦᠳᠠᠢ ᠲᠡᠮᠵᠢᠯᠭᠡ ᠲᠤᠤᠷ᠎ᠠ᠂ 2009 ᠤᠨ ᠳᠤ ᠬᠤᠶᠠᠳᠤᠠᠭᠠᠷ ᠳᠡᠰ ᠤᠨ ᠬᠦᠭᠡ ᠵᠠᠷᠭᠡ ᠶᠢᠨ ᠡᠮᠨᠡᠯᠭᠡ ᠶᠢᠨ ᠬᠤᠷᠢᠶ᠎ᠠ ᠶᠢᠨ ᠪᠠᠷᠢᠮᠵᠢᠶ᠎ᠠ ᠪᠠᠷ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠪᠦᠳᠦᠭᠡᠨ ᠪᠠᠶᠢᠭᠤᠯᠵᠦ ᠡᠬᠢᠯᠡᠪᠡ᠃ ᠰᠢᠨ᠎ᠠ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠳᠠ ᠨᠢ | ᠲᠦᠪ ᠤᠨ ᠲᠦᠰᠦᠪ ᠤᠨ ᠲᠤᠳᠤᠷᠠᠬᠢ ᠪᠡᠯᠨ ᠤᠷᠤᠭᠤᠯᠤᠯᠳᠠ ᠶᠢᠨ ᠲᠦᠯᠦᠪᠯᠡᠭᠡ ᠶᠢᠨ ᠲᠦᠷᠦᠯ ᠵᠦᠢᠯ ᠤᠨ ᠨᠢᠭᠡ ᠪᠤᠯᠤᠨ᠎ᠠ᠃ ᠲᠦᠷᠦᠯ ᠵᠦᠢᠯ ᠤᠨ ᠶᠠᠷᠦᠩᠭᠡᠢ | ᠪᠡᠯᠨ ᠤᠷᠤᠭᠤᠯᠤᠯᠳᠠ ᠨᠢ 6281 ᠲᠦᠮᠡᠨ ᠲᠦᠭᠦᠷᠢᠭ᠂ ᠡᠭᠦᠨ ᠳᠤ ᠲᠦᠪ ᠠᠴᠠ 1180 ᠲᠦᠮᠡᠨ ᠲᠦᠭᠦᠷᠢᠭ ᠪᠡᠯᠨ ᠤᠷᠤᠭᠤᠯᠵᠦ᠂ ᠬᠤᠰᠢᠭᠤᠨ ᠤ ᠵᠠᠰᠠᠭ | ᠤᠨ ᠤᠷᠳᠤᠨ 5101 ᠲᠦᠮᠡᠨ ᠲᠦᠭᠦᠷᠢᠭ ᠪᠡᠯᠨ ᠤᠷᠤᠭᠤᠯᠵᠦ᠂ ᠭᠠᠵᠠᠷ ᠡᠵᠡᠯᠡᠭᠰᠡᠨ ᠲᠠᠯᠠᠪᠠᠢ ᠨᠢ 30621 ᠬᠠᠪᠳᠠᠭᠠᠢ ᠲᠦᠷᠪᠡᠯᠵᠢᠨ ᠮᠧᠲᠷ᠂ ᠪᠠᠷᠢᠯᠭ᠎ᠠ ᠶᠢᠨ | ᠶᠠᠷᠦᠩᠭᠡᠢ ᠲᠠᠯᠠᠪᠠᠢ ᠨᠢ 16805 ᠲᠡᠭᠰᠢ ᠲᠦᠷᠪᠡᠯᠵᠢᠨ ᠮᠧᠲᠷ ᠪᠤᠢ᠂ ᠡᠭᠦᠨ ᠳᠤ ᠡᠭᠦᠳᠡᠨ ᠡᠮᠨᠡᠯᠭᠡ ᠶᠢᠨ ᠠᠰᠠᠷ ᠨᠢ 7678 ᠲᠡᠭᠰᠢ ᠲᠦᠷᠪᠡᠯᠵᠢᠨ ᠮᠧᠲᠷ᠂ | ᠡᠪᠠᠳᠴᠢᠳᠠᠨ ᠤ ᠦᠷᠦᠬᠡ ᠶᠢᠨ ᠠᠰᠠᠷ ᠨᠢ 8233 ᠲᠡᠭᠰᠢ ᠲᠦᠷᠪᠡᠯᠵᠢᠨ ᠮᠧᠲᠷ᠂ ᠲᠠᠭᠠᠯᠳᠠ ᠭᠡᠷᠡᠭᠯᠡᠭᠡᠨ ᠤ ᠭᠡᠷ 894 ᠲᠡᠭᠰᠢ ᠲᠦᠷᠪᠡᠯᠵᠢᠨ ᠮᠧᠲᠷ ᠪᠤᠢ᠃ | 2011 ᠤᠨ ᠤ 6 ᠰᠠᠷ᠎ᠠ ᠶᠢᠨ 15 ᠤ ᠡᠳᠦᠷ ᠡᠮᠨᠡᠯᠭᠡ ᠶᠢᠨ ᠬᠤᠷᠢᠶ᠎ᠠ ᠰᠢᠨ᠎ᠠ ᠠᠰᠠᠷ ᠲᠠᠭᠠᠨ ᠨᠠᠬᠦᠵᠦ ᠣᠷᠣᠵᠣ᠂ ᠲᠤᠰ ᠵᠢᠯ ᠤᠨ 10 ᠰᠠᠷ᠎ᠠ ᠶᠢᠨ 27 ᠤ | ᠡᠳᠦᠷ ᠵᠢᠩᠬᠢᠨᠢ ᠪᠠᠷ ᠠᠰᠢᠭᠯᠠᠯᠳᠠ ᠳᠤ ᠤᠷᠤᠭᠤᠯᠤᠨ ᠭᠡᠷᠡᠭᠯᠡᠬᠦᠯᠪᠡ᠃ | ᠠᠵᠢᠯᠳᠠᠨ ᠠᠵᠢᠯᠴᠢᠨ ᠵᠢᠴᠢ ᠡᠪᠳᠴᠢᠳᠠᠨ ᠤ ᠤᠷᠤ ᠶᠢᠨ ᠪᠠᠶᠢᠳᠠᠯ᠄ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠳᠠᠨ ᠠᠵᠢᠯᠴᠢᠨ | 258 ᠬᠦᠮᠦᠨ ᠪᠤᠢ᠂ ᠡᠭᠦᠨ ᠳᠤ ᠤᠷᠤᠨ ᠲᠤᠭ᠎ᠠ ᠲᠠᠢ ᠠᠵᠢᠯᠳᠠᠨ ᠠᠵᠢᠯᠴᠢᠨ 126 ᠬᠦᠮᠦᠨ ᠪᠤᠢ᠂ ᠡᠭᠦᠨ ᠳᠤ ᠵᠢᠩᠬᠢᠨᠢ ᠦᠨᠳᠦᠷ ᠵᠠᠷᠭᠡ ᠶᠢᠨ ᠮᠠᠷᠭᠡᠵᠢᠯ ᠤᠨ | ᠴᠤᠯᠨ ᠲᠠᠢ ᠨᠢ10 ᠬᠦᠮᠦᠨ᠂ ᠲᠡᠳ᠋ ᠦᠨᠳᠦᠷ ᠵᠠᠷᠭᠡ ᠶᠢᠨ ᠮᠠᠷᠭᠡᠵᠢᠯ ᠤᠨ ᠴᠤᠯᠨ ᠲᠠᠢ ᠨᠢ 25 ᠬᠦᠮᠦᠨ᠂ ᠭᠡᠷᠡᠳᠦ ᠲᠦᠷᠢᠮ ᠤᠨ ᠠᠵᠢᠯᠴᠢᠨ ᠨᠢ 39 ᠬᠦᠮᠦᠨ᠂ | ᠦᠪᠠᠷ ᠢᠶᠠᠨ ᠤᠷᠢᠭᠰᠠᠨ ᠠᠵᠢᠯᠴᠢᠨ 92 ᠬᠦᠮᠦᠨ᠂ ᠭᠤᠷᠪᠡ ᠶᠢ ᠲᠠᠳᠬᠦᠨ ᠨᠢᠭᠡ ᠶᠢ ᠲᠠᠮᠵᠢᠬᠦ 1 ᠬᠦᠮᠦᠨ ᠪᠤᠢ ︔ ᠡᠷᠡᠭᠦᠯ ᠢ ᠬᠠᠮᠠᠭᠠᠯᠠᠬᠤ ᠮᠠᠷᠭᠡᠵᠢᠯᠳᠠᠨ ᠨᠢ | ᠪᠦᠬᠦ ᠬᠤᠷᠢᠶᠠᠨ ᠤ ᠶᠠᠷᠦᠩᠭᠡᠢ ᠬᠦᠮᠦᠨ ᠤ ᠲᠤᠭ᠎ᠠ ᠶᠢᠨ 76% ᠶᠢ ᠡᠵᠡᠯᠵᠦ ᠪᠤᠢ ︔ ᠤᠷᠤᠨ ᠲᠤᠭᠠᠨ ᠳᠤ ᠪᠠᠶᠢᠬᠤ ᠡᠪᠳᠴᠢᠳᠠᠨ ᠤ ᠤᠷᠤ 200 ᠪᠠᠶᠢᠵᠦ᠂ | ᠪᠤᠳᠠᠳᠠᠢ ᠭᠡᠷᠡᠭᠯᠡᠵᠦ ᠪᠦᠬᠦᠢ ᠤᠷᠤ ᠨᠢ 140 ᠪᠤᠢ᠃ | ᠰᠠᠯᠠᠭ᠎ᠠ ᠲᠠᠰᠤᠭ ᠤᠨ ᠲᠤᠬᠢᠷᠠᠭᠤᠯᠤᠯᠳᠠ᠄ ᠪᠦᠬᠦ ᠡᠮᠨᠡᠯᠭᠡ ᠶᠢᠨ ᠬᠤᠷᠢᠶᠠᠨ ᠳᠤ ᠡᠭᠦᠳᠡᠨ ᠡᠮᠨᠡᠯᠭᠡ᠂ ᠡᠪᠳᠴᠢᠳᠠᠨ ᠤ ᠦᠷᠦᠭᠡ᠂ ᠵᠠᠰᠠᠭ ᠵᠠᠬᠢᠷᠭᠠᠨ᠂ ᠠᠷᠤ | ᠲᠠᠯ᠎ᠠ ᠶᠢᠨ ᠠᠵᠢᠯ ᠤᠨ ᠳᠦᠷᠪᠡᠨ ᠲᠤᠭᠤᠷᠢᠭ ᠲᠤᠬᠢᠷᠠᠭᠤᠯᠵᠦ᠂ ᠲᠤᠳᠤᠭᠠᠳᠤ ᠳᠤᠨᠢ ᠲᠤᠬᠢᠷᠠᠭᠤᠯᠤᠭᠰᠠᠨ ᠪᠠᠶᠢᠭᠤᠯᠤᠮᠵᠢ ᠳᠤᠨᠢ ᠪᠠᠴᠢᠮ ᠡᠮᠨᠡᠨ ᠠᠪᠤᠷᠠᠬᠤ ᠰᠠᠯᠠᠭ᠎ᠠ᠂ | ᠵᠢᠷᠦᠭᠡᠨ ᠤ ᠳᠣᠳᠣᠷ ᠰᠠᠯᠠᠭ᠎ᠠ᠂ ᠠᠮᠢᠰᠬᠤᠯ ᠤᠨ ᠰᠢᠰᠲ᠋ᠧᠮ ᠤᠨ ᠬᠦᠨᠳᠦ ᠡᠪᠠᠳᠴᠢᠨ ᠤ ᠠᠨᠠᠭᠠᠬᠤ ᠤᠬᠠᠭᠠᠨ ᠤ ᠰᠠᠯᠠᠭ᠎ᠠ᠂ ᠪᠦᠭᠡᠷ᠎ᠠ ᠶᠢᠨ ᠲᠤᠳᠤᠷ ᠰᠠᠯᠠᠭ᠎ᠠ᠂ | ᠰᠢᠩᠭᠡᠭᠡᠯᠳᠠ ᠶᠢᠨ ᠲᠤᠳᠤᠷ ᠰᠠᠯᠠᠭ᠎ᠠ᠂ ᠡᠩ ᠤᠨ ᠭᠠᠳᠠᠷ ᠰᠠᠯᠠᠭ᠎ᠠ᠂ ᠶᠠᠰᠤᠨ ᠤ ᠭᠠᠳᠠᠷ ᠰᠠᠯᠠᠭ᠎ᠠ᠂ ᠡᠮᠡᠭᠳᠡᠢ ᠶᠢᠨ ᠡᠪᠡᠳᠴᠢᠨ ᠪᠠ ᠬᠦᠩᠭᠡᠵᠢᠭᠦᠯᠬᠦ ᠰᠠᠯᠠᠭ᠎ᠠ᠂ | ᠭᠡᠤᠭᠡᠤᠨ ᠤᠨ ᠰᠠᠯᠠᠭ᠎ᠠ᠂ ᠴᠢᠬᠢᠨ ᠤ ᠰᠠᠯᠠᠭ᠎ᠠ᠂ ᠴᠢᠬᠢ ᠬᠠᠮᠠᠷ ᠬᠤᠭᠤᠯᠠᠢ ᠶᠢᠨ ᠰᠠᠯᠠᠭ᠎ᠠ᠂ ᠠᠮᠨᠨ ᠬᠦᠨᠳᠡᠢ ᠶᠢᠨ ᠰᠠᠯᠠᠭ᠎ᠠ᠂ ᠮᠢᠨᠴᠦᠬᠦᠷᠡᠭᠦᠯᠬᠦ ᠰᠠᠯᠠᠭ᠎ᠠ᠂ ᠡᠪᠡᠳᠬᠦ | ᠶᠢ ᠡᠮᠨᠡᠬᠦ ᠰᠠᠯᠠᠭ᠎ᠠ᠂ ᠬᠢᠳᠠᠳ ᠡᠸᠦ᠋ᠷᠦᠹᠠ ᠠᠨᠠᠭᠠᠬᠤ ᠤᠬᠠᠭᠠᠨ ᠢ ᠤᠶᠠᠯᠳᠤᠭᠤᠯᠤᠭᠰᠠᠨ ᠰᠠᠯᠠᠭ᠎ᠠ᠂ ᠮᠤᠩᠭᠤᠯ ᠠᠨᠠᠭᠠᠬᠤ ᠤᠬᠠᠭᠠᠨ ᠤ ᠰᠠᠯᠠᠭ᠎ᠠ᠂ ᠬᠠᠯᠳᠠᠪᠦᠷᠢᠳᠤ | ᠡᠪᠠᠳᠴᠢᠨ ᠭᠡᠮ ᠤᠨ ᠰᠠᠯᠠᠭ᠎ᠠ᠂ ᠴᠢᠰᠦᠨ ᠰᠢᠩᠭᠡᠨ ᠢ ᠨᠡᠪᠴᠢᠬᠦᠯᠦᠨ ᠢᠯᠭᠠᠷᠠᠭᠤᠯᠬᠤ ᠰᠠᠯᠠᠭ᠎ᠠ᠂ ᠹᠢᠽᠢᠺ ᠵᠠᠰᠠᠯ ᠢᠶᠠᠷ ᠡᠷᠡᠭᠦᠯᠵᠢᠭᠦᠯᠬᠦ ᠰᠠᠯᠠᠭ᠎ᠠ᠂ ᠪᠠᠶ᠎ᠠ ᠮᠠᠬᠠᠪᠣᠳ | ᠤᠨ ᠪᠠᠶᠢᠴᠠᠭᠠᠯᠲᠠ ᠶᠢᠨ ᠲᠦᠪ᠂ ᠤᠷᠢᠳᠴᠢᠯᠠᠨ ᠰᠠᠷᠭᠡᠶᠢᠯᠡᠬᠦ ᠡᠷᠡᠭᠦᠯ ᠢ ᠬᠠᠮᠠᠭᠠᠯᠠᠬᠤ ᠰᠠᠯᠠᠭ᠎ᠠ᠂ ᠰᠢᠯᠭᠠᠨ ᠪᠠᠶᠢᠴᠠᠭᠠᠬᠤ ᠰᠠᠯᠠᠭ᠎ᠠ ︵ᠡᠪᠠᠳᠴᠢᠨ ᠤ ᠵᠦᠢ ᠶᠢᠨ | ᠰᠠᠯᠠᠭ᠎ᠠ︶᠂ B ᠭᠡᠳᠦ ᠲᠤᠯᠬᠢᠶᠠᠨ ᠤ ᠲᠠᠰᠤᠭ᠂ ᠵᠢᠷᠦᠭᠡᠨ ᠤ ᠴᠢᠳᠠᠪᠬᠢ ᠶᠢᠨ ᠰᠠᠯᠠᠭ᠎ᠠ᠂ ᠰᠠᠴᠤᠷᠠᠭ ᠤᠨ ᠰᠠᠯᠠᠭ᠎ᠠ ︵CT ᠲᠠᠰᠤᠭ︶ ᠂ ᠬᠤᠳᠤᠭᠤᠳᠤ ᠭᠡᠳᠡᠰᠤ | ᠶᠢ ᠲᠤᠷᠠᠨᠳᠤᠨ ᠪᠠᠶᠢᠴᠠᠭᠠᠬᠤ ᠰᠠᠯᠠᠭ᠎ᠠ᠂ ᠴᠢᠰᠤ ᠶᠡᠬᠦᠯᠡᠬᠦ ᠲᠠᠰᠤᠭ᠂ ᠰᠢᠮ᠎ᠠ ᠲᠡᠵᠢᠭᠡᠯ ᠤᠨ ᠲᠠᠰᠤᠭ ᠵᠠᠷᠭᠡ ᠪᠤᠢ᠃ ᠴᠢᠳᠠᠪᠬᠢᠳᠤ ᠰᠠᠯᠠᠭ᠎ᠠ ᠲᠠᠰᠤᠭ᠄ ᠡᠮᠨᠡᠯᠭᠡ ᠶᠢᠨ | ᠠᠵᠢᠯ ᠤᠨ ᠰᠠᠯᠠᠭ᠎ᠠ᠂ ᠰᠤᠪᠢᠯᠠᠬᠤ ᠭᠠᠵᠷ᠂ ᠴᠢᠨᠠᠷ ᠢ ᠡᠷᠭᠡᠰᠢᠶᠠᠬᠦ ᠰᠠᠯᠠᠭ᠎ᠠ᠂ ᠬᠠᠯᠳᠠᠪᠣᠷᠢᠯᠠᠬᠤ ᠶᠢ ᠬᠢᠵᠠᠭᠠᠷᠯᠠᠬᠤ ᠰᠠᠯᠠᠭ᠎ᠠ᠂ ᠡᠮ ᠨᠠᠶᠢᠷᠠᠯᠭ᠎ᠠ ᠶᠢᠨ ᠰᠠᠯᠠᠭ᠎ᠠ᠂ ᠡᠳ᠋ | ᠤᠨ ᠶᠠᠪᠤᠳᠠᠯ ᠤᠨ ᠰᠠᠯᠠᠭ᠎ᠠ᠂ ᠶᠡᠷᠥᠩᠬᠡᠢ ᠠᠯᠪᠠᠨ ᠭᠡᠷ᠂ ᠲᠤᠨᠤᠭ ᠲᠦᠭᠦᠭᠡᠷᠦᠮᠵᠢ ᠶᠢᠨ ᠰᠠᠯᠠᠭ᠎ᠠ᠂ ᠮᠡᠳᠡᠭᠡ ᠵᠠᠩᠬᠢ ᠶᠢᠨ ᠰᠠᠯᠠᠭ᠎ᠠ᠂ ᠶᠡᠷᠥᠩᠬᠡᠢ ᠶᠠᠪᠤᠳᠠᠯ ᠤᠨ | ᠰᠠᠯᠠᠭ᠎ᠠ᠂ ᠭᠠᠯ ᠤᠨᠳᠠᠷᠠᠭᠠᠯᠳᠠ ᠶᠢᠨ ᠠᠮᠤᠷ ᠲᠦᠪᠰᠢᠨ ᠢ ᠬᠠᠮᠭᠠᠯᠠᠬᠤ ᠰᠠᠯᠭ᠎ᠠ ᠵᠠᠷᠭᠡ ᠪᠤᠢ᠃ ᠡᠭᠦᠨ ᠤ ᠳᠣᠳᠣᠷᠠᠬᠢ ᠪᠦᠭᠡᠷ᠎ᠠ ᠶᠢᠨ ᠲᠤᠳᠤᠷ ᠰᠠᠯᠠᠭ᠎ᠠ ᠨᠢ ᠬᠦᠯᠦᠨ | ᠪᠤᠶᠢᠷ ᠬᠤᠳᠠ ᠶᠢᠨ ᠭᠤᠤᠯᠳᠠᠯᠭ᠎ᠠ ᠲᠠᠢ ᠰᠢᠨᠵᠢᠯᠡᠭᠡᠨ ᠢᠶᠠᠷ ᠦᠨᠡᠯᠡᠭᠳᠡᠪᠡ᠃ | ᠡᠮᠨᠡᠯᠭᠡ ᠶᠢᠨ ᠬᠤᠷᠢᠶᠠᠨ ᠤ ᠪᠠᠶᠢᠴᠠᠭᠠᠬᠤ ᠠᠷᠭ᠎ᠠ ᠪᠠᠷᠢᠯ ᠨᠢ ᠪᠦᠷᠢᠨ ᠲᠦᠭᠦᠷ᠂ ᠡᠮᠴᠢᠯᠡᠭᠡᠨ ᠤ ᠪᠡᠯᠡᠳᠭᠡᠮᠵᠢ ᠲᠦᠭᠦᠭᠡᠷᠦᠮᠵᠢ ᠨᠢ ᠲᠡᠷᠢᠭᠦᠨ ᠤ ᠪᠣᠯᠪᠠ᠃ CT | ᠡᠮᠴᠢᠯᠡᠭᠡᠨ ᠤ ᠤᠨᠤᠰᠢᠯᠳᠠ ᠬᠢᠬᠦ X ᠰᠠᠴᠤᠷᠠᠭ ᠤᠨ ᠪᠠᠶᠢᠴᠠᠭᠠᠯᠳᠠ ᠬᠢᠬᠦ ᠰᠠᠬᠦᠳᠡᠷᠯᠡᠬᠦ ᠰᠢᠰᠲ᠋ᠧᠮ᠂ C ᠭᠡᠯᠪᠠᠷᠢ ᠶᠢᠨ ᠮᠦᠷᠦᠲᠦ X ᠭᠡᠷᠡᠯ ᠤᠨ ᠮᠠᠰᠢᠨ᠂ ᠬᠦᠬᠦᠨ | ᠪᠤᠯᠴᠢᠷᠬᠠᠢ ᠶᠢᠨ X ᠰᠠᠴᠤᠷᠠᠭ ᠤᠨ ᠮᠠᠰᠢᠨ᠂ ᠢᠲ᠋ᠠᠯᠢ ᠠᠴᠠ ᠤᠷᠤᠭᠤᠯᠤᠭᠰᠠᠨ ᠪᠤᠳᠤᠭᠳᠤ ᠭᠡᠳᠦ ᠳᠠᠭᠤᠨ ᠲᠤᠯᠬᠢᠶᠠᠨ ᠤ ᠪᠠᠶᠢᠴᠠᠭᠠᠯᠲᠠ᠂ ᠪᠦᠷᠢᠨ ᠠᠦ᠋ᠲ᠋ᠤ᠋ | ᠠᠮᠢᠳᠣ ᠪᠣᠳᠠᠰ ᠬᠢᠮᠢ ᠶᠢᠨ ᠵᠠᠳᠠᠯᠬᠤ ᠮᠠᠰᠢᠨ᠂ ᠬᠦᠳᠡᠯᠦᠩᠭᠦᠢ ᠵᠢᠷᠦᠭᠡᠨ ᠤ ᠴᠠᠬᠢᠯᠭᠠᠨ ᠵᠢᠷᠤᠭ ᠢ ᠵᠠᠳᠠᠯᠬᠤ ᠰᠢᠰᠲ᠋ᠧᠮ᠂ ᠲᠦᠪᠯᠡᠭᠰᠡᠨ ᠬᠢᠨᠠᠨ ᠪᠠᠶᠢᠴᠠᠭᠠᠬᠤ ᠰᠢᠰᠲ᠋ᠧᠮ | ᠂ ᠭᠡᠪᠡᠯᠢ ᠶᠢᠨ ᠬᠦᠨᠳᠡᠢ ᠶᠢᠨ ᠲᠤᠷᠠᠨ᠂ ᠦᠶ᠎ᠠ ᠭᠡᠰᠢᠭᠦᠦ ᠶᠢᠨ ᠲᠤᠷᠠᠨ᠂ ᠬᠤᠳᠤᠭᠤᠳᠤ ᠭᠡᠳᠡᠰᠤ ᠶᠢᠨ ᠲᠤᠷᠠᠨ᠂ ᠴᠢᠰᠣᠨ ᠰᠢᠩᠭᠡᠭᠡᠨ ᠢ ᠨᠠᠪᠴᠢᠭᠦᠯᠦᠨ | ᠢᠯᠭᠠᠷᠠᠭᠤᠯᠬᠤ ᠮᠠᠰᠢᠨ᠂ ᠬᠠᠮᠠᠷ ᠬᠤᠭᠤᠯᠠᠢ ᠶᠢᠨ ᠰᠢᠷᠭᠡᠭᠯᠢᠭ ᠲᠤᠷᠠᠨ᠂ ᠰᠠᠮᠠᠯᠳᠠᠭ ᠢ ᠲᠤᠷᠠᠨᠳᠠᠬᠤ ᠰᠢᠰᠲ᠋ᠧᠮ᠂ ᠲᠦᠪᠦᠩᠬᠢ ᠶᠢᠨ ᠲᠣᠯᠢ᠂ ᠡᠰᠡ ᠬᠦᠷᠦᠯᠴᠡᠬᠦ | ᠨᠢᠳᠤᠨ ᠤ ᠲᠠᠷᠤᠯᠳᠠ ᠶᠢᠨ ᠭᠡᠮᠵᠢᠭᠦᠷ᠂ ᠠᠮᠢᠰᠬᠤᠯᠭᠠᠬᠤ ᠮᠠᠰᠢᠨ᠂ ᠤᠯᠠᠨ ᠴᠢᠳᠠᠪᠬᠢᠳᠤ ᠮᠢᠨᠴᠤᠬᠦᠷᠠᠭᠦᠯᠬᠦ ᠮᠠᠰᠢᠨ᠂ ᠬᠦᠬᠦᠨ ᠪᠤᠯᠴᠢᠷᠬᠠᠢ ᠶᠢᠨ ᠡᠪᠠᠳᠴᠢᠨ ᠢ ᠡᠮᠨᠡᠬᠦ | ᠪᠠᠭᠠᠵᠢ ᠵᠠᠷᠭᠡ 100 ᠭᠠᠷᠤᠢ ᠰᠠᠤᠷᠢ ᠲᠤᠮᠤ ᠲᠤᠮᠳᠠ ᠭᠡᠯᠪᠠᠷᠢ ᠶᠢᠨ ᠡᠮᠴᠢᠯᠡᠭᠡᠨ ᠤ ᠲᠤᠨᠤᠭ ᠲᠦᠭᠦᠭᠡᠷᠦᠮᠵᠢ ᠲᠠᠢ᠃ ᠡᠳᠡᠭᠡᠷ ᠲᠤᠨᠤᠭ ᠲᠦᠭᠦᠭᠡᠷᠦᠮᠵᠢ ᠶᠢ | ᠠᠰᠢᠭᠯᠠᠯᠳᠠ ᠳᠤ ᠤᠷᠤᠭᠤᠯᠤᠨ ᠭᠡᠷᠡᠭᠯᠡᠭᠰᠡᠨ ᠨᠢ ᠡᠮᠨᠡᠯᠭᠡ ᠶᠢᠨ ᠬᠤᠷᠢᠶᠠᠨ ᠤ ᠰᠢᠨᠵᠢᠯᠡᠭᠡ ᠮᠠᠷᠭᠡᠵᠢᠯ ᠤᠨ ᠪᠤᠳᠠᠳᠤ ᠬᠦᠴᠦᠨ ᠢ ᠴᠢᠩᠭᠠᠷᠠᠭᠤᠯᠵᠦ᠂ ᠠᠷᠠᠳ ᠤᠯᠠᠨ ᠤ | ᠡᠪᠠᠳᠴᠢᠨ ᠡᠮᠨᠡᠭᠦᠯᠬᠦ ᠳᠤ ᠴᠢᠨᠠᠷᠯᠢᠭ᠂ ᠠᠮᠤᠷ ᠲᠦᠪᠰᠢᠨ᠂ ᠨᠠᠶᠢᠳᠠᠪᠦᠷᠢᠳᠠᠢ ᠮᠠᠷᠭᠡᠵᠢᠯ ᠤᠨ ᠪᠠᠳᠤᠯᠠᠭ᠎ᠠ ᠬᠠᠩᠭᠠᠪᠠ᠃ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠰᠢᠰᠲ᠋ᠧᠮ ᠤᠨ ᠬᠤᠭᠤᠷᠤᠨᠳᠤ ᠪᠠᠨ ᠲᠤᠰᠠᠯᠠᠯᠴᠠᠬᠤ ᠪᠠᠷ ᠲᠤᠬᠢᠶᠠᠯ ᠪᠤᠯᠭᠠᠵᠦ᠂ ᠲᠤᠮᠳᠠᠳᠤ ᠶᠠᠫᠤᠨ ᠤ | ᠨᠦᠬᠦᠷᠰᠡᠭ ᠡᠮᠨᠡᠯᠭᠡ ᠶᠢᠨ ᠬᠤᠷᠢᠶ᠎ᠠ᠂ ᠬᠠᠷᠪᠢᠨ ᠤ ᠡᠮᠨᠡᠯᠭᠡ ᠶᠢᠨ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠬᠦᠯᠦᠨ ᠪᠤᠶᠢᠷ ᠬᠤᠳᠠ ᠶᠢᠨ | ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠤᠯᠠᠨ ᠭᠤᠷᠪᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠯᠤᠭ᠎ᠠ ᠮᠠᠷᠭᠡᠵᠢᠯ ᠤᠨ ᠰᠤᠯᠢᠯᠴᠠᠭ᠎ᠠ ᠬᠢᠭᠡᠳ ᠬᠤᠷᠰᠢᠯᠴᠠᠯ | ᠢᠶᠠᠨ ᠴᠢᠩᠭᠠᠳᠬᠠᠵᠦ᠂ ᠭᠠᠳᠠᠨᠠᠬᠢ ᠬᠦᠴᠦ ᠶᠢ ᠠᠰᠢᠭᠯᠠᠨ ᠲᠤᠳᠤᠭᠠᠳᠤ ᠶᠢᠨ ᠬᠦᠴᠦ ᠪᠠᠨ ᠴᠢᠩᠭᠠᠷᠠᠭᠤᠯᠤᠭᠰᠠᠨ ᠢᠶᠠᠷ ᠡᠮᠨᠡᠯᠭᠡ ᠶᠢᠨ ᠬᠤᠷᠢᠶ᠎ᠠ ᠶᠢᠨ ᠮᠠᠷᠭᠡᠵᠢᠯ ᠪᠠ | ᠦᠢᠯᠡᠴᠢᠯᠡᠭᠡᠨ ᠤ ᠴᠢᠳᠠᠪᠦᠷᠢ ᠨᠢ ᠦᠳᠲᠦᠷ ᠲᠦᠷᠭᠡᠨ ᠲᠡᠭᠡᠭᠰᠢᠯᠡᠪᠡ᠃ | ᠡᠮᠨᠡᠯᠭᠡ ᠶᠢᠨ ᠬᠤᠷᠢᠶ᠎ᠠ ᠨᠢ ᠬᠠᠶᠢᠯᠠᠷ ᠲᠤᠭᠤᠷᠢᠭ ᠤᠨ ᠡᠮᠨᠡᠯᠭᠡ ᠶᠢᠨ ᠬᠤᠷᠢᠶ᠎ᠠ᠂ ᠬᠦᠯᠦᠨ ᠪᠤᠶᠢᠷ ᠬᠤᠳᠠ ᠶᠢᠨ ᠷᠧᠨ ᠠᠢ ᠡᠷᠡᠭᠦᠯᠵᠢᠯ ᠤᠨ ᠡᠮᠨᠡᠯᠭᠡ ᠶᠢᠨ | ᠬᠤᠷᠢᠶ᠎ᠠ ᠵᠠᠷᠭᠡ ᠲᠠᠢ ᠡᠮᠴᠢᠯᠡᠭᠡᠨ ᠤ ᠡᠬᠢ ᠪᠠᠶᠠᠯᠢᠭ ᠢ ᠬᠠᠮᠳᠤᠪᠠᠷ ᠡᠳ᠋ᠯᠡᠬᠦ ᠵᠦᠪᠳᠡᠯᠴᠡᠭᠡᠷ ᠲᠤᠭᠳᠠᠵᠦ᠂ ᠭᠡᠰᠡᠭ ᠭᠠᠵᠠᠷ᠂ ᠤᠷᠤᠨ ᠪᠦᠰᠡ ᠶᠢᠨ ᠡᠮᠴᠢᠯᠡᠭᠡᠨ ᠤ ᠡᠬᠢ | ᠪᠠᠶᠠᠯᠢᠭ ᠢ ᠰᠢᠯᠢᠳᠡᠭᠵᠢᠭᠦᠯᠦᠨ ᠨᠠᠶᠢᠳᠭᠡᠬᠦ ᠪᠠᠷ ᠲᠠᠮᠵᠢᠭᠠᠳ᠂ ᠡᠬᠢ ᠪᠠᠶᠠᠯᠢᠭ ᠢ ᠠᠰᠢᠭᠯᠠᠬᠤ ᠦᠷ᠎ᠠ ᠠᠰᠢᠭ ᠪᠠ ᠦᠢᠯᠡᠴᠢᠯᠡᠭᠡᠨ ᠤ ᠴᠢᠨᠠᠷ ᠴᠢᠨᠰᠠᠭ᠎ᠠ ᠪᠠᠨ | ᠲᠠᠰᠤᠷᠠᠯᠳᠠ ᠦᠭᠡᠢ ᠲᠡᠭᠡᠭᠰᠢᠯᠡᠭᠦᠯᠪᠡ᠃ | 2014 ᠤᠨ ᠳᠤ ᠡᠮᠨᠡᠯᠭᠡ ᠶᠢᠨ ᠬᠤᠷᠢᠶ᠎ᠠ ᠬᠢᠭᠡᠳ ᠲᠤᠮᠳᠠᠳᠤ ᠶᠠᠫᠤᠨ ᠤ ᠨᠦᠬᠦᠷᠰᠡᠭ ᠡᠮᠨᠡᠯᠭᠡ ᠶᠢᠨ ᠬᠤᠷᠢᠶ᠎ᠠ ᠶᠢᠨ ᠬᠤᠭᠤᠷᠤᠨᠳᠤᠬᠢ ᠠᠯᠤᠰ ᠠᠴᠠ | ᠡᠮᠴᠢᠯᠡᠭᠡᠨ ᠤ ᠬᠠᠮᠳᠤᠷᠠᠨ ᠤᠨᠤᠰᠢᠯᠠᠯᠳᠠ ᠬᠢᠬᠦ ᠪᠠ ᠠᠯᠤᠰ ᠠᠴᠠ ᠠᠨᠠᠭᠠᠬᠤ ᠤᠬᠠᠭᠠᠨ ᠤ ᠰᠤᠷᠭᠠᠨ ᠬᠦᠮᠦᠵᠢᠯ ᠬᠢᠬᠦ ᠶᠢ ᠡᠬᠢᠯᠡᠭᠦᠯᠪᠡ᠃ ᠲᠤᠮᠳᠠᠳᠤ ᠶᠠᠫᠤᠨ ᠤ | ᠨᠦᠬᠦᠷᠰᠡᠭ ᠡᠮᠨᠡᠯᠭᠡ ᠶᠢᠨ ᠬᠤᠷᠢᠶ᠎ᠠ ᠠᠴᠠ ᠠᠯᠤᠰ ᠠᠴᠠ ᠠᠨᠠᠭᠠᠬᠤ ᠤᠬᠠᠭᠠᠨ ᠤ ᠰᠣᠷᠭᠠᠨ ᠬᠦᠮᠦᠵᠢᠯ ᠬᠢᠬᠦ ᠪᠠᠷ ᠲᠠᠮᠵᠢᠭᠠᠳ ᠡᠮᠨᠡᠯᠭᠡ ᠶᠢᠨ ᠬᠤᠷᠢᠶᠠᠨ ᠤ ᠲᠤᠰᠬᠠᠢ | ᠮᠠᠷᠭᠡᠵᠢᠯ ᠤᠨ ᠠᠵᠢᠯᠳᠠᠨ ᠲᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠬᠦᠷᠳᠡᠭᠡᠵᠦ᠂ ᠮᠠᠨ ᠤ ᠬᠤᠷᠢᠶᠠᠨ ᠤ ᠲᠤᠰᠬᠠᠢ ᠮᠠᠷᠭᠡᠵᠢᠯ ᠤᠨ ᠲᠦᠪᠰᠢᠨ ᠢ | ᠲᠡᠭᠡᠭᠰᠢᠯᠡᠭᠦᠯᠪᠡ ︔ ᠠᠯᠤᠰ ᠠᠴᠠ ᠬᠠᠮᠳᠤᠷᠠᠨ ᠤᠨᠤᠰᠢᠯᠠᠬᠤ ᠪᠠᠷ ᠲᠠᠮᠵᠢᠭᠠᠳ ᠡᠮᠨᠡᠯᠭᠡ ᠶᠢᠨ ᠮᠠᠷᠭᠡᠵᠢᠯ ᠤᠨ ᠲᠠᠯ᠎ᠠ ᠪᠠᠷ ᠬᠢ ᠬᠦᠴᠢᠷ ᠠᠰᠠᠭᠤᠳᠠᠯ ᠢ ᠴᠠᠭ ᠲᠤᠬᠠᠢ | ᠳᠤᠨᠢ ᠰᠢᠢᠳᠪᠦᠷᠢᠯᠡᠵᠦ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠲᠦᠪᠡᠭ ᠪᠤᠳᠤᠯᠢᠶᠠᠨᠳᠠᠢ ᠡᠪᠠᠳᠴᠢᠨ ᠭᠡᠮ ᠢ ᠤᠨᠤᠰᠢᠯᠠᠨ ᠡᠮᠨᠡᠬᠦ ᠬᠢᠷᠢ | ᠲᠦᠪᠰᠢᠨ ᠪᠠ ᠦᠢᠯᠡᠴᠢᠯᠡᠭᠡᠨ ᠤ ᠴᠢᠳᠠᠪᠦᠷ ᠶᠢ ᠨᠢ ᠲᠡᠭᠡᠭᠰᠢᠯᠡᠭᠦᠯᠵᠦ᠂ ᠡᠮᠨᠡᠭᠦᠯᠬᠦ ᠪᠠᠷ ᠢᠷᠡᠭᠰᠡᠳ ᠲᠤ ᠶᠡᠭᠡ ᠭᠡᠮᠵᠢᠶᠠᠨ ᠤ ᠡᠮᠨᠡᠭᠦᠯᠬᠦ ᠴᠠᠭ ᠢ ᠠᠷᠪᠢᠯᠡᠨ ᠦᠭᠴᠦ᠂ | ᠡᠮᠨᠡᠭᠦᠯᠬᠦ ᠦᠪᠠᠷ ᠤᠨ ᠦᠷᠳᠡᠭ ᠢ ᠨᠢ ᠠᠷᠪᠢᠯᠡᠨ ᠦᠭᠴᠦ᠂ ᠰᠢᠯᠵᠢᠭᠦᠯᠦᠨ ᠡᠮᠨᠡᠭᠦᠯᠬᠦ ᠨᠤᠷᠮ᠎ᠠ ᠶᠢ ᠪᠠᠭᠤᠷᠠᠭᠤᠯᠪᠠ᠃ | 2016 ᠤᠨ ᠳᠤ ᠡᠮᠨᠡᠯᠭᠡ ᠶᠢᠨ ᠬᠤᠷᠢᠶ᠎ᠠ ᠨᠢ ᠤᠷᠢᠳ ᠬᠤᠵᠢᠳ ᠬᠦᠯᠦᠨ ᠪᠤᠶᠢᠷ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮᠨᠡᠯᠭᠡ ᠶᠢᠨ | ᠬᠤᠷᠢᠶᠠᠨ ᠤ ᠪᠦᠯᠦᠭᠯᠡᠯ᠂ ᠦᠪᠤᠷ ᠮᠤᠩᠭᠤᠯ ᠤᠨ ᠤᠢ ᠰᠢᠭᠤᠢ ᠶᠢᠨ ᠶᠡᠷᠦᠩᠭᠡᠢ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠤᠯᠪᠤᠭᠠᠳᠤ ᠴᠤᠭᠴᠠ᠂ ᠲᠤᠮᠳᠠᠳᠤ | ᠶᠠᠫᠤᠨ ᠤ ᠨᠦᠬᠦᠷᠰᠡᠭ ᠡᠮᠨᠡᠯᠭᠡ ᠶᠢᠨ ᠬᠤᠷᠢᠶ᠎ᠠ ᠶᠢᠨ ᠠᠮᠢᠰᠬᠤᠯ ᠤᠨ ᠡᠪᠡᠳᠴᠢᠨ ᠤ ᠲᠣᠰᠬᠠᠢ ᠰᠠᠯᠠᠭ᠎ᠠ ᠶᠢᠨ ᠬᠤᠯᠪᠣᠭᠠᠳᠣ ᠴᠣᠭᠴᠠ᠂ ᠳᠣᠮᠳᠠᠳᠣ ᠶᠠᠫᠣᠨ ᠤ | ᠨᠢᠬᠦᠷᠰᠡᠭ ᠡᠮᠨᠡᠯᠭᠡ ᠶᠢᠨ ᠬᠤᠷᠢᠶᠠᠨ ᠤ ᠡᠪᠡᠳᠬᠦ ᠶᠢ ᠵᠠᠰᠠᠬᠤ ᠲᠣᠰᠬᠠᠢ ᠰᠠᠯᠠᠭ᠎ᠠ ᠶᠢᠨ ᠡᠮᠨᠡᠯᠭᠡ ᠶᠢᠨ ᠬᠤᠯᠪᠣᠭᠠᠳᠣ ᠴᠣᠭᠴᠠ᠂ ᠳᠣᠮᠳᠠᠳᠣ ᠶᠠᠫᠣᠨ ᠤ ᠨᠢᠬᠦᠷᠰᠡᠭ | ᠡᠮᠨᠡᠯᠭᠡ ᠶᠢᠨ ᠬᠤᠷᠢᠶᠠᠨ ᠤ ᠬᠢᠳᠠᠳ ᠡᠸᠦ᠋ᠷᠦᠹᠠ ᠠᠨᠠᠭᠠᠬᠤ ᠤᠬᠠᠭᠠᠨ ᠢ ᠤᠶᠠᠯᠳᠤᠭᠤᠯᠤᠭᠰᠠᠨ ᠬᠤᠤᠷᠳᠤ ᠬᠠᠪᠤᠳᠠᠷ ᠤᠨ ᠲᠤᠰᠬᠠᠢ ᠰᠠᠯᠠᠭ᠎ᠠ ᠶᠢᠨ ᠡᠮᠴᠢᠯᠡᠭᠡᠨ ᠤ | ᠬᠤᠯᠪᠤᠭᠠᠳᠤ ᠴᠤᠭᠴᠠ ᠳᠤ ᠤᠷᠤᠪᠠ᠃ ᠡᠮᠴᠢᠯᠡᠭᠡᠨ ᠤ ᠬᠤᠯᠪᠤᠠᠳᠤ ᠴᠤᠭᠴᠠ ᠶᠢ ᠬᠠᠮᠳᠤᠪᠠᠷ ᠢᠶᠠᠷ ᠴᠤᠭᠴᠠᠯᠠᠬᠤ ᠪᠠᠷ ᠲᠠᠮᠵᠢᠭᠠᠳ᠂ ᠰᠢᠶᠠᠨ ᠤ ᠪᠦᠰᠡ ᠶᠢᠨ | ᠡᠮᠴᠢᠯᠡᠭᠡᠨ ᠤ ᠡᠬᠢ ᠪᠠᠶᠠᠯᠢᠭ ᠤᠨ ᠲᠡᠭᠡᠷ᠎ᠠ ᠠᠴᠠ ᠲᠤᠷᠤᠭᠰᠢ᠂ ᠵᠡᠭᠦᠨ ᠠᠴᠠ ᠪᠠᠷᠠᠭᠤᠨᠰᠢ ᠰᠢᠯᠵᠢᠬᠦ ᠶᠢ ᠲᠦᠯᠬᠢᠨ ᠠᠬᠢᠭᠤᠯᠵᠦ᠂ ︽ᠦᠨᠳᠦᠰᠦᠨ ᠱᠠᠳᠤᠨ ᠳᠤ | ᠠᠩᠬᠠᠨ ᠤ ᠤᠨᠤᠰᠢᠯᠠᠨ ᠡᠮᠨᠡᠬᠦ᠂ ᠱᠠᠳᠤ ᠬᠤᠪᠢᠶᠠᠨ ᠤᠨᠤᠰᠢᠯᠠᠨ ᠵᠠᠰᠠᠬᠤ᠂ ᠲᠦᠷᠭᠡᠨ ᠴᠢᠨᠠᠷᠳᠠᠢ ᠤᠳᠠᠭᠠᠨ ᠴᠢᠨᠠᠷᠳᠠᠢ ᠡᠪᠠᠳᠴᠢᠨ ᠢ ᠬᠤᠪᠢᠶᠠᠨ ᠡᠮᠨᠡᠨ ᠵᠠᠰᠠᠬᠤ᠂ | ᠬᠤᠤᠰ ᠴᠢᠭᠯᠡᠯ ᠢᠶᠠᠷ ᠰᠢᠯᠵᠢᠭᠦᠯᠦᠨ ᠤᠨᠤᠰᠢᠯᠠᠨ ᠡᠮᠨᠡᠬᠦ ︾ ᠡᠮᠨᠡᠭᠦᠯᠬᠦ ᠰᠢᠨ᠎ᠠ ᠵᠠᠭᠪᠤᠷ ᠢ ᠠᠭᠠᠵᠢᠮ ᠢᠶᠠᠷ ᠪᠦᠷᠢᠯᠳᠦᠭᠦᠯᠵᠦ᠂ ᠤᠷᠤᠨ ᠪᠦᠰᠠ ᠶᠢᠨ ᠲᠤᠳᠤᠷᠠᠬᠢ | ᠡᠮᠴᠢᠯᠡᠭᠡᠨ ᠤ ᠡᠬᠢ ᠪᠠᠶᠠᠯᠢᠭ ᠢ ᠬᠠᠮᠳᠤᠪᠠᠷ ᠡᠳ᠋ᠯᠡᠬᠦ᠂ ᠳᠡᠭᠡᠳᠦ ᠳᠡᠰ ᠤᠨ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠳᠤᠨ ᠳᠤ ᠠᠪᠴᠢᠷᠠᠬᠤ ᠶᠢ ᠪᠡᠶᠡᠯᠡᠭᠦᠯᠪᠡ | ᠃ | ᠬᠠᠶ᠋ᠢᠭ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠬᠦᠯᠦᠨ ᠪᠤᠶᠢᠷ ᠬᠤᠳᠠ ᠶᠢᠨ ᠡᠸ᠋ᠨᠩᠬᠢ ᠦᠨᠳᠦᠰᠦᠳᠡᠨ ᠤ ᠦᠪᠠᠷᠳᠡᠭᠡᠨ ᠵᠠᠰᠠᠬᠤ | ᠬᠤᠰᠢᠭᠤᠨ ᠤ ᠪᠠᠶᠠᠨᠳᠤᠬᠤᠢ ᠪᠠᠯᠭᠠᠰᠤ ᠶᠢᠨ ᠬᠤᠶᠢᠭᠤᠯ ᠵᠠᠮ ᠤᠨ ᠢ ᠴᠢ ᠰᠠᠨ ᠡᠯ ᠵᠡᠭᠡᠯᠢ᠃ | |