| ᠵᠢᠢ ᠱᠢ ᠢᠦᠢ | | ᠡᠪᠦᠯ ᠣᠷᠣᠭᠰᠠᠨ ᠤ ᠳᠠᠷᠠᠭ᠎ᠠ᠂ ᠠᠭᠤᠷ ᠠᠮᠢᠰᠬᠤᠯ ᠬᠤᠪᠢᠷᠠᠯᠳᠠ ᠶᠡᠬᠡᠳᠡᠢ ᠪᠠᠶᠢᠳᠠᠭ ᠠᠴᠠ ᠬᠠᠯᠳᠠᠪᠤᠷᠢᠳᠦ ᠲᠠᠭᠰᠢᠭᠤᠷ ᠪᠠᠶᠢᠨ ᠳᠠᠬᠢᠨ ᠡᠭᠦᠰᠳᠡᠭ᠃ ᠲᠡᠭᠡᠪᠡᠯ | ᠪᠢᠳᠡ ᠲᠠᠬᠰᠢᠭᠤᠷ ᠢ ᠬᠡᠷᠬᠢᠨ ᠰᠡᠷᠭᠡᠶᠢᠯᠡᠬᠦ ᠪᠤᠢ︖ ᠡᠩ ᠤᠨ ᠬᠢᠮᠤᠷᠠᠭ᠎ᠠ ᠲᠠᠭᠰᠢᠭᠤᠷ ᠪᠠ ᠬᠠᠯᠳᠠᠪᠤᠷᠢᠳᠦ ᠲᠠᠭᠰᠢᠭᠤᠷ ᠤᠨ ᠰᠢᠨᠵᠢ ᠪᠠᠶᠢᠳᠠᠯ ᠨᠢ ᠶᠠᠮᠠᠷ | ᠢᠯᠭᠠᠭ᠎ᠠ ᠲᠠᠢ ᠪᠠᠶᠢᠳᠠᠭ ᠪᠤᠢ︖ ᠥᠨᠥᠳᠥᠷ ᠪᠢᠳᠡ ᠬᠠᠮᠲᠤ ᠪᠠᠷ ᠢᠶᠠᠨ ᠤᠶᠢᠯᠠᠭᠠᠵᠤ ᠦᠵᠡᠶ᠎ᠡ᠃ | ᠬᠠᠯᠳᠠᠪᠤᠷᠢᠲᠤ ᠲᠠᠭᠰᠢᠭᠤᠷ ᠢ ᠰᠡᠷᠭᠡᠶᠢᠯᠡᠬᠦ ᠳᠤ ︽ᠨᠢᠭᠡ ᠳᠤ ᠲᠠᠷᠢᠯᠭ᠎ᠠ ᠬᠢᠬᠦ ᠬᠤᠶᠠᠷ ᠲᠤ ᠨᠡᠪᠲᠡᠷᠡᠭᠦᠯᠬᠦ ᠭᠤᠷᠪᠠ ᠳᠤ ᠴᠢᠩᠭᠠᠳᠬᠠᠬᠤ ᠳᠥᠷᠪᠡ ᠳᠤ | ᠴᠡᠪᠡᠷᠯᠡᠬᠦ ᠲᠠᠪᠤ ᠳᠤ ᠰᠡᠷᠭᠡᠶᠢᠯᠡᠬᠦ ᠵᠢᠷᠭᠤᠭ᠎ᠠ ᠳᠤ ᠭᠠᠷ ᠢᠶᠠᠨ ᠤᠬᠢᠶᠠᠬᠤ︾ ᠶᠢ ᠠᠩᠬᠠᠷᠬᠤ ᠬᠡᠷᠡᠭᠲᠡᠶ᠃ ︽ᠨᠢᠭᠡ ᠳᠤ ᠲᠠᠷᠢᠯᠭ᠎ᠠ ᠬᠢᠬᠦ︾ ᠭᠡᠳᠡᠭ ᠨᠢ ᠳᠠᠷᠤᠶ | ᠵᠢᠯ ᠪᠦᠷᠢ ᠬᠠᠯᠳᠠᠪᠤᠷᠢᠲᠤ ᠲᠠᠭᠰᠢᠭᠤᠷ ᠤᠨ ᠸᠠᠺᠼᠢᠨ ᠲᠠᠷᠢᠭᠤᠯᠬᠤ ᠶᠢ ᠬᠡᠯᠡᠵᠦ ᠪᠤᠢ᠃ ᠬᠠᠯᠳᠠᠪᠤᠷᠢᠳᠦ ᠲᠠᠭᠰᠢᠭᠤᠷ ᠤᠨ ᠸᠢᠷᠦ᠋ᠰ ᠤᠨ ᠬᠠᠮᠤᠭ ᠤᠨ ᠶᠡᠭᠡ | ᠣᠨᠴᠠᠯᠢᠭ ᠪᠣᠯ ᠠᠮᠠᠷᠬᠠᠨ ᠤᠨᠳᠤᠤᠰᠢᠨ ᠬᠤᠪᠢᠷᠠᠵᠤ ᠪᠠᠶᠢᠳᠠᠭ᠂ ᠬᠠᠯᠳᠠᠪᠤᠷᠢᠳᠦ ᠲᠠᠭᠰᠢᠭᠤᠷ ᠤᠨ ᠸᠠᠺᠼᠢᠨ ᠢ ᠵᠢᠯ ᠪᠦᠷᠢ ᠲᠠᠷᠢᠭᠤᠯᠬᠤ ᠬᠡᠷᠡᠭᠲᠡᠶ᠂ | ᠬᠠᠯᠳᠠᠪᠤᠷᠢᠳᠦ ᠲᠠᠭᠰᠢᠭᠤᠷ ᠤᠨ ᠸᠠᠺᠼᠢᠨ ᠢ ᠲᠠᠷᠢᠭᠤᠯᠤᠬᠰᠠᠨ ᠤ ᠳᠠᠷᠠᠭ᠎ᠠ ᠬᠥᠮᠦᠨ ᠤ ᠪᠡᠶ᠎ᠡ ᠶᠢ 70% ᠠᠴᠠ ᠳᠡᠭᠡᠭᠰᠢ ᠪᠠᠷ ᠬᠠᠮᠠᠭᠠᠯᠠᠵᠤ᠂ ᠬᠠᠯᠳᠠᠪᠤᠷᠢᠳᠦ | ᠲᠠᠭᠰᠢᠭᠤᠷ ᠬᠠᠯᠳᠠᠪᠤᠷᠢᠯᠠᠵᠤ ᠳᠡᠯᠭᠡᠷᠡᠬᠦ ᠶᠢ ᠪᠦᠲᠦᠮᠵᠢᠲᠡᠶ ᠬᠤᠷᠢᠭᠯᠠᠵᠤ ᠴᠢᠳᠠᠨ᠎ᠠ᠃ ︽ᠬᠤᠶᠠᠷ ᠲᠤ ᠨᠡᠪᠲᠡᠷᠡᠬᠦᠯᠬᠦ︾ ᠭᠡᠳᠡᠭ ᠨᠢ ᠳᠠᠷᠤᠶ ᠭᠡᠷ ᠳᠣᠲᠣᠷ᠎ᠠ ᠪᠠᠨ | ᠠᠭᠠᠷ ᠨᠡᠪᠳᠡᠷᠡᠬᠦᠯᠬᠦ ᠶᠢ ᠪᠠᠲᠤᠯᠠᠵᠤ᠂ ᠠᠭᠠᠷ ᠨᠡᠪᠲᠡᠷᠡᠬᠦ ᠪᠠᠷ ᠠᠨᠠᠶ ᠪᠤᠶᠤ ᠬᠦᠮᠦᠰ ᠴᠢᠬᠢᠯᠳᠦᠨ ᠰᠢᠬᠠᠯᠴᠠᠬᠰᠠᠨ ᠭᠠᠵᠠᠷ ᠲᠤ ᠤᠴᠢᠬᠤ ᠠᠴᠠ ᠵᠠᠶᠢᠯᠠᠰᠬᠢᠬᠦ ᠶᠢ | ᠬᠡᠯᠡᠵᠦ ᠪᠤᠢ︔ ︽ᠭᠤᠷᠪᠠ ᠳᠤ ᠴᠢᠩᠭᠠᠳᠬᠠᠬᠤ︾ ᠭᠡᠳᠡᠭ ᠨᠢ ᠢᠳᠡᠭᠡᠨ ᠤᠮᠳᠠᠭᠠᠨ ᠢᠶᠠᠨ ᠲᠡᠩᠴᠡᠭᠦᠯᠬᠦ ᠶᠢ ᠠᠩᠬᠠᠷᠴᠤ᠂ ᠤᠰᠤ ᠢᠯᠡᠭᠦᠤ ᠤᠤᠭᠤᠵᠤ᠂ | ᠲᠤᠬᠳᠠᠬᠰᠠᠨ ᠴᠠᠭ ᠲᠤ ᠬᠥᠳᠡᠯᠭᠡᠭᠡᠨ ᠬᠢᠵᠦ᠂ ᠰᠠᠶᠢᠳᠤᠷ ᠠᠮᠠᠷᠠᠵᠤ᠂ ᠪᠡᠶ᠎ᠡ ᠮᠠᠬᠠᠪᠣᠳ ᠤᠨ ᠢᠶᠠᠨ ᠡᠪᠡᠳᠴᠢᠨ ᠢ ᠡᠰᠡᠷᠭᠦᠴᠡᠬᠦ ᠬᠦᠴᠦᠨ ᠢ ᠴᠢᠩᠭᠠᠳᠬᠠᠬᠤ ᠶᠢ | ᠬᠡᠯᠡᠵᠦ ᠪᠤᠢ᠃ ︽ᠳᠥᠷᠪᠡ ᠳᠤ ᠴᠡᠪᠡᠷᠯᠡᠬᠦ︾ ᠭᠡᠳᠡᠭ ᠨᠢ ᠨᠢᠭᠤᠷ ᠴᠢᠷᠠᠶ ᠪᠠ ᠠᠮᠠ ᠬᠠᠮᠠᠷ ᠢᠶᠠᠨ ᠤᠬᠢᠶᠠᠨ ᠴᠡᠪᠡᠷᠯᠡᠵᠦ᠂ ᠠᠷᠢᠭᠤᠨ ᠴᠡᠪᠡᠷ ᠪᠠᠶᠢᠯᠭᠠᠵᠤ᠂ ᠲᠠᠬᠰᠢᠭᠤᠷ | ᠬᠠᠯᠳᠠᠪᠤᠷᠢᠯᠠᠬᠤ ᠲᠤᠬᠢᠶᠠᠯ ᠢ ᠪᠠᠭᠠᠰᠬᠠᠬᠤ ᠶᠢ ᠬᠡᠯᠡᠵᠦ ᠪᠤᠢ︔ ︽ᠲᠠᠪᠤ ᠳᠤ ᠰᠡᠷᠭᠡᠶᠢᠯᠡᠬᠦ︾ ᠭᠡᠳᠡᠭ ᠨᠢ ᠬᠠᠯᠳᠠᠪᠤᠷᠢᠲᠤ ᠲᠠᠭᠰᠢᠭᠤᠷ ᠳᠡᠯᠭᠡᠷᠡᠬᠦ ᠤᠯᠠᠷᠢᠯ ᠳᠤ᠂ | ᠬᠥᠮᠦᠨ ᠣᠯᠠᠨᠳᠠᠢ ᠤᠯᠠᠨ ᠨᠡᠶᠢᠲᠡ ᠶᠢᠨ ᠭᠠᠵᠠᠷ ᠲᠤ ᠣᠴᠢᠬᠤ ᠠᠴᠠ ᠵᠠᠶᠢᠯᠠᠰᠬᠢᠵᠦ᠂ ᠴᠢᠬᠤᠯᠠᠳᠠᠢ ᠦᠶ᠎ᠡ ᠳᠤ ᠠᠮᠠᠪᠴᠢ ᠵᠡᠭᠦᠬᠦ ᠶᠢᠨ ᠬᠠᠮᠳᠤ ᠠᠮᠠᠪᠴᠢ ᠪᠠᠨ | ᠪᠠᠶᠢᠡᠭᠭᠤ ᠰᠣᠯᠢᠬᠤ ᠶᠢ ᠬᠡᠯᠡᠵᠦ ᠪᠤᠢ︔ ︽ᠵᠢᠷᠭᠤᠭ᠎ᠠ ᠳᠤ ᠭᠠᠷ ᠢᠶᠠᠨ ᠤᠬᠢᠶᠠᠬᠤ︾᠂ ᠭᠠᠷ ᠢᠶᠠᠨ ᠤᠬᠢᠶᠠᠬᠤ ᠪᠣᠯ ᠸᠢᠷᠦ᠋ᠰ ᠬᠠᠯᠳᠠᠪᠤᠷᠢᠯᠠᠬᠤ ᠶᠢ ᠰᠡᠷᠭᠡᠶᠢᠯᠡᠬᠦ | ᠲᠦᠢᠯ ᠤᠨ ᠴᠢᠬᠤᠯᠠ ᠠᠷᠭ᠎ᠠ ᠪᠣᠯᠤᠨ᠎ᠠ᠃ | ᠲᠡᠭᠡᠪᠡᠯ᠂ ᠪᠢᠳᠡ ᠡᠳᠦᠷ ᠲᠤᠲᠤᠮ ᠤᠨ ᠠᠮᠢᠳᠤᠷᠠᠯ ᠤᠨ ᠳᠤᠮᠳᠠ ᠡᠩ ᠤᠨ ᠬᠢᠮᠤᠷᠠᠭ᠎ᠠ ᠲᠠᠭᠰᠢᠭᠤᠷ ᠪᠠ ᠬᠠᠯᠳᠠᠪᠤᠷᠢᠳᠦ ᠲᠠᠭᠰᠢᠭᠤᠷ ᠢ ᠬᠡᠷᠬᠢᠨ ᠢᠯᠭᠠᠪᠠᠯ | ᠵᠣᠬᠢᠬᠤ ᠪᠣᠢ︖ ᠡᠩ ᠤᠨ ᠬᠢᠮᠤᠷᠠᠭ᠎ᠠ ᠲᠠᠬᠰᠢᠭᠤᠷ ᠪᠠ ᠬᠠᠯᠳᠠᠪᠤᠷᠢᠳᠦ ᠲᠠᠭᠰᠢᠭᠤᠷ ᠨᠢ ᠪᠦᠷ ᠬᠠᠮᠠᠷ ᠪᠥᠭᠯᠡᠷᠡᠬᠦ᠂ ᠬᠠᠨᠢᠶᠠᠬᠤ᠂ ᠬᠤᠭᠤᠯᠠᠶ ᠡᠪᠡᠳᠬᠦ᠂ ᠬᠠᠯᠠᠭᠤᠷᠠᠬᠤ | ᠵᠡᠷᠭᠡ ᠰᠢᠨᠵᠢ ᠪᠠᠶᠢᠳᠠᠯ ᠲᠠᠢ ᠪᠠᠶᠢᠳᠠᠭ᠂ ᠡᠩ ᠤᠨ ᠬᠢᠮᠤᠷᠠᠭ᠎ᠠ ᠲᠠᠬᠰᠢᠭᠤᠷ ᠤᠨ ᠰᠢᠨᠵᠢ ᠪᠠᠶᠢᠳᠠᠯ ᠨᠢ ᠶᠡᠷᠦᠳᠡᠭᠡᠨ ᠬᠠᠮᠠᠷ ᠬᠤᠭᠤᠯᠠᠶ ᠶᠢᠨ ᠬᠡᠰᠡᠭ ᠲᠤ | ᠲᠥᠪᠯᠡᠷᠡᠵᠦ᠂ ᠨᠢᠭᠤᠭᠳᠠᠮᠠᠯ ᠬᠤᠭᠤᠴᠠᠭ᠎ᠠ ᠨᠢ ᠨᠡᠯᠢᠶᠡᠳ ᠣᠬᠤᠷ᠂ ᠡᠪᠡᠳᠴᠢᠯᠡᠬᠦ ᠨᠢ ᠲᠦᠷᠭᠡᠨ ᠪᠢᠰᠢ ᠪᠠᠶᠢᠳᠠᠭ᠃ ᠶᠡᠷᠦᠨᠢ ᠬᠠᠯᠠᠭᠤᠷᠠᠬᠤ ᠪᠤᠶᠤ ᠪᠦᠬᠦ | ᠪᠡᠶ᠎ᠡ ᠳᠤ ᠡᠪᠡᠳᠴᠢᠨ ᠤ ᠰᠢᠨᠵᠢ ᠢᠯᠡᠷᠡᠳᠡᠭ ᠦᠭᠡᠢ ᠪᠤᠶᠤ ᠡᠰᠡᠬᠦᠯ᠎ᠡ ᠵᠥᠪᠬᠡᠨ ᠪᠠᠭ᠎ᠠ ᠬᠠᠯᠠᠭᠤᠷᠠᠬᠤ ᠪᠤᠶᠤ ᠲᠣᠯᠣᠭᠠᠶ ᠡᠪᠡᠳᠳᠡᠭ︔ ᠬᠡᠳᠡᠯ᠎ᠡ | ᠬᠠᠯᠳᠠᠪᠤᠷᠢᠳᠦ ᠲᠠᠬᠰᠢᠭᠤᠷ ᠤᠨ ᠨᠢᠭᠤᠭᠳᠠᠮᠠᠯ ᠬᠤᠭᠤᠴᠠᠭ᠎ᠠ ᠨᠢ ᠬᠠᠷᠢᠨ 1 ~ 3 ᠡᠳᠦᠷ ᠪᠠᠶᠢᠵᠤ᠂ ᠡᠪᠡᠳᠴᠢᠯᠡᠬᠦ ᠨᠢ ᠲᠦᠷᠭᠡᠨ᠂ ᠪᠦᠬᠦ ᠪᠡᠶ᠎ᠡ ᠳᠤ ᠢᠯᠡᠷᠡᠬᠦ | ᠡᠪᠡᠳᠴᠢᠨ ᠤ ᠰᠢᠨᠵᠢ ᠪᠠᠶᠢᠳᠠᠯ ᠨᠡᠯᠢᠶᠡᠳ ᠬᠦᠨᠳᠦ ᠪᠠᠶᠢᠳᠠᠭ᠂ ᠵᠢᠱᠢᠶᠡᠯᠡᠪᠡᠯ ᠲᠣᠯᠣᠭᠠᠶ ᠡᠪᠡᠳᠬᠦ᠂ ᠪᠦᠬᠦ ᠪᠡᠶ᠎ᠡ ᠱᠠᠷᠬᠢᠷᠠᠵᠤ ᠡᠪᠡᠳᠬᠦ᠂ ᠲᠠᠮᠢᠷᠳᠠᠨ ᠰᠤᠯᠠᠷᠠᠬᠤ | ᠵᠡᠷᠭᠡ ᠢᠯᠡᠷᠡᠯ ᠭᠠᠷᠳᠠᠭ᠃ ᠬᠠᠯᠳᠠᠪᠤᠷᠢᠳᠦ ᠲᠠᠭᠰᠢᠭᠤᠷ ᠲᠤ ᠲᠠᠪᠬᠤᠴᠠᠬᠰᠠᠨ ᠡᠪᠡᠳᠴᠢᠨ᠂ ᠵᠢᠱᠢᠶᠡᠯᠡᠪᠡᠯ ᠠᠭᠤᠰᠬᠢᠨ ᠦᠷᠪᠢᠰᠦᠯ᠂ ᠸᠢᠷᠦ᠋ᠰ ᠤᠨ ᠴᠢᠨᠠᠷᠲᠠᠶ | ᠵᠢᠷᠦᠭᠡᠨ ᠤ ᠪᠤᠯᠴᠢᠩ ᠤᠨ ᠦᠷᠪᠢᠰᠦᠯ ᠵᠡᠷᠭᠡ ᠡᠪᠡᠳᠴᠢᠨ ᠳᠠᠪᠬᠤᠴᠠᠵᠤ ᠮᠡᠳᠡᠨ᠎ᠡ᠂ ᠡᠨᠡ ᠨᠢ ᠡᠩ ᠤᠨ ᠬᠢᠮᠤᠷᠠᠭ᠎ᠠ ᠲᠠᠭᠰᠢᠭᠤᠷ ᠠᠴᠠ ᠬᠤᠯᠠ ᠢᠯᠡᠭᠦᠤ | ︽ᠠᠶᠤᠯᠲᠠᠶ︾ ᠪᠠᠶᠢᠳᠠᠭ᠃ | ᠬᠠᠯᠳᠠᠪᠤᠷᠢᠳᠦ ᠲᠠᠭᠰᠢᠭᠤᠷ ᠲᠤ ᠨᠡᠷᠪᠡᠭᠳᠡᠪᠡᠯ ᠶᠠᠭᠠᠬᠢᠵᠦ ᠡᠮᠨᠡᠬᠦᠯᠦᠨ ᠵᠠᠰᠠᠭᠤᠯᠬᠤ ᠪᠤᠢ︖ ᠳᠠᠷᠤᠢ ᠲᠦᠷᠭᠡᠨ ᠡᠮᠨᠡᠯᠭᠡ ᠳᠤ ᠬᠦᠷᠴᠦ ᠡᠮᠨᠡᠭᠦᠯᠬᠦ ᠨᠢ | ᠲᠡᠷᠢᠭᠦᠨ ᠰᠣᠩᠭᠤᠯᠲᠠ ᠪᠣᠯᠬᠤ ᠪᠥᠭᠡᠳ ᠡᠮᠴᠢ ᠶᠢᠨ ᠵᠠᠬᠢᠶ᠎ᠠ ᠪᠠᠷ ᠡᠮᠨᠡᠭᠦᠯᠬᠦ ᠬᠡᠷᠡᠭᠳᠡᠢ᠃ ᠡᠭᠦᠨ ᠠᠴᠠ ᠭᠠᠳᠠᠨ᠎ᠠ᠂ ᠡᠳᠦᠷ ᠲᠤᠲᠤᠮ ᠤᠨ ᠠᠮᠢᠳᠤᠷᠠᠯ ᠳᠤᠮᠳᠠ ᠪᠠᠨ | ᠪᠢᠳᠡ ᠪᠠᠰᠠ ᠬᠡᠳᠦᠨ ᠵᠦᠢᠯ ᠢ ᠠᠩᠬᠠᠷᠬᠤ ᠬᠡᠷᠡᠭᠲᠡᠶ᠃ ᠡᠩ ᠲᠡᠷᠢᠭᠦᠨ ᠳᠤ ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠭᠰᠡᠳ ᠰᠠᠶᠢᠳᠤᠷ ᠠᠮᠠᠷᠠᠬᠤ ᠬᠡᠷᠡᠭᠲᠡᠶ᠂ | ᠬᠡᠲᠦᠷᠬᠡᠶ ᠶᠠᠳᠠᠷᠠᠵᠤ ᠵᠦᠳᠡᠷᠡᠵᠦ ᠪᠣᠯᠬᠤ ᠦᠭᠡᠢ᠂ ᠪᠡᠶ᠎ᠡ ᠪᠠᠨ ᠰᠠᠶᠢᠨ ᠰᠠᠶᠢᠬᠠᠨ ᠣᠷᠴᠢᠨ ᠲᠣᠭᠤᠷᠢᠨ ᠳᠤ ᠠᠮᠠᠷᠠᠭᠤᠯᠬᠤ ᠬᠡᠷᠡᠭᠲᠡᠶ᠃ ᠳᠠᠷᠠᠭ᠎ᠠ ᠨᠢ ᠤᠰᠤ | ᠢᠯᠡᠭᠦᠤ ᠤᠤᠭᠤᠬᠤ ᠬᠡᠷᠡᠭᠲᠡᠶ᠂ ᠬᠡᠲᠦᠷᠬᠡᠶ ᠲᠣᠰᠣᠯᠢᠭ ᠪᠤᠶᠤ ᠰᠢᠩᠭᠡᠭᠡᠬᠦ ᠳᠤ ᠬᠢᠯᠪᠠᠷ ᠪᠤᠰᠤ ᠢᠳᠡᠭᠡᠨ ᠢ ᠢᠳᠡᠵᠦ ᠪᠣᠯᠬᠤ ᠦᠭᠡᠢ᠂ ᠰᠢᠩᠭᠡᠨ ᠪᠤᠶᠤ ᠬᠠᠭᠠᠰ ᠰᠢᠩᠭᠡᠨ | ᠢᠳᠡᠭᠡᠨ ᠢᠯᠡᠭᠦᠤ ᠢᠳᠡᠵᠦ᠂ ᠸᠢᠲ᠋ᠠᠮᠢᠨ C ᠢᠯᠡᠭᠦᠤ ᠨᠥᠬᠦᠪᠥᠷᠢᠯᠡᠵᠦ ᠪᠣᠯᠤᠨ᠎ᠠ᠃ ᠬᠠᠮᠤᠭ ᠰᠡᠭᠦᠯ ᠳᠤ᠂ ᠭᠡᠷ ᠥᠷᠥᠭᠡᠨ ᠳᠡᠭᠡᠨ ᠠᠭᠠᠷ ᠨᠡᠪᠲᠡᠷᠡᠭᠦᠯᠬᠦ ᠶᠢ | ᠠᠩᠬᠠᠷᠬᠤ ᠬᠡᠷᠡᠭᠲᠡᠶ᠂ ᠢᠩᠭᠢᠪᠡᠯ ᠬᠠᠯᠳᠠᠪᠤᠷᠢᠳᠦ ᠲᠠᠭᠰᠢᠭᠤᠷ ᠲᠤ ᠨᠡᠷᠪᠡᠭᠳᠡᠭᠰᠡᠳ ᠤᠨ ᠡᠷᠡᠭᠦᠯᠵᠢᠬᠦ ᠬᠤᠷᠳᠤᠴᠠ ᠶᠢ ᠲᠦᠷᠭᠡᠳᠬᠡᠬᠦ ᠪᠠᠷ ᠪᠠᠷᠠᠬᠤ ᠦᠭᠡᠢ᠂ | ᠪᠤᠰᠤᠳ ᠡᠷᠡᠭᠦᠯ ᠬᠥᠮᠦᠨ ᠳᠤ ᠪᠠᠰᠠ ᠵᠣᠬᠢᠬᠤ ᠬᠡᠮᠵᠢᠶᠡᠨ ᠤ ᠤᠷᠢᠳᠴᠢᠯᠠᠨ ᠰᠡᠷᠭᠡᠶᠢᠯᠡᠬᠦ ᠦᠢᠯᠡᠳᠦᠯ ᠦᠵᠡᠭᠦᠯᠵᠦ ᠴᠢᠳᠠᠨ᠎ᠠ᠃ ᠬᠡᠷᠪᠡ ᠭᠡᠷ ᠲᠤ ᠴᠢᠨᠢ | ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠭᠰᠡᠨ ᠬᠥᠮᠦᠨ ᠪᠠᠶᠢᠪᠠᠯ᠂ ᠬᠠᠯᠳᠠᠪᠤᠷᠢᠳᠦ ᠲᠠᠬᠰᠢᠭᠤᠷ ᠲᠤ ᠨᠡᠷᠪᠡᠭᠳᠡᠭᠰᠡᠨ ᠦᠭᠡᠢ ᠬᠥᠮᠦᠨ ᠨᠢ ᠭᠠᠷ ᠢᠶᠠᠨ ᠦᠷᠬᠦᠯᠵᠢ | ᠰᠠᠶᠢᠲᠤᠷ ᠤᠬᠢᠶᠠᠵᠤ ᠢᠯᠡᠭᠦᠬᠡᠨ ᠠᠷᠢᠭᠤᠳᠬᠠᠵᠤ᠂ ᠬᠠᠯᠳᠠᠪᠤᠷᠢᠳᠦ ᠲᠠᠬᠰᠢᠭᠤᠷ ᠲᠤ ᠨᠡᠷᠪᠡᠭᠳᠡᠭᠰᠡᠨ ᠬᠥᠮᠦᠨ ᠤ ᠬᠡᠷᠡᠭᠯᠡᠭᠰᠡᠨ ᠴᠠᠭᠠᠰᠤ ᠶᠢ ᠬᠢᠴᠢᠶᠡᠨ | ᠴᠡᠪᠡᠷᠯᠡᠵᠦ᠂ ᠲᠡᠳᠡᠨ ᠤ ᠨᠢᠰᠦ ᠰᠢᠯᠦᠰᠦ ᠪᠠᠨ ᠵᠦᠯᠭᠦᠭᠰᠡᠨ ᠴᠠᠭᠠᠰᠤ ᠶᠢ ᠰᠦᠯᠢᠶᠣᠣ ᠤᠭᠤᠲᠠ ᠬᠢᠵᠦ ᠪᠢᠲᠡᠭᠦᠮᠵᠢᠯᠡᠬᠡᠳ ᠰᠠᠶ᠋ᠢ ᠬᠠᠶᠠᠬᠤ ᠬᠡᠷᠡᠭᠳᠡᠢ᠃ | | |