ᠤᠳᠠᠭᠠᠯᠢᠭ ᠭᠡᠮ ᠢ ᠪᠡᠶ᠎ᠡ ᠶᠢᠨ ᠪᠤᠯᠪᠠᠰᠤᠷᠠᠯ ᠢᠶᠡᠷ ᠵᠠᠰᠠᠵᠦ ᠪᠤᠯᠤᠨ᠎ᠠ
ᠨᠡᠶᠢᠲᠡᠯᠡᠭᠰᠡᠨ ᠴᠠᠭ᠄
2025/4/23
  ᠪᠠᠶᠢᠴᠠᠭᠠᠯᠳᠠ ᠳᠤ ᠬᠠᠷᠠᠭᠤᠯᠤᠭᠰᠠᠨ ᠢᠶᠠᠷ᠂ 75% ᠶᠢᠨ ᠤᠶᠤᠳᠠᠨ ᠦᠪᠡᠷ ᠢ ᠪᠠᠨ ᠤᠳᠠᠭᠠᠯᠢᠭ ᠭᠡᠮ ᠲᠠᠢ ᠭᠡᠵᠦ ᠦᠵᠡᠭᠰᠡᠨ ᠪᠠᠶᠢᠨ᠎ᠠ᠃ ᠠᠮᠧᠷᠢᠺᠠ ᠶᠢᠨ ᠨᠢᠭᠡᠨ ᠰᠤᠳᠤᠯᠭᠠᠨ ᠳᠤ᠂ ᠪᠡᠶ᠎ᠡ ᠶᠢᠨ ᠪᠤᠯᠪᠠᠰᠤᠷᠠᠯ ᠤᠳᠠᠭᠠᠯᠢᠭ ᠭᠡᠮ ᠢ ᠵᠠᠰᠠᠬᠤ ᠳᠤ ᠳᠤᠰᠠᠳᠠᠢ ᠬᠡᠯ᠎ᠠ᠃   ᠠᠮᠧᠷᠢᠺᠠ ᠶᠢᠨ ᠵᠢᠶᠤᠤᡁᠢᠮᠸᠢᠢᠰᠤᠨ ᠶᠡᠭᠡ ᠰᠤᠷᠭᠠᠭᠤᠯᠢ ᠶᠢᠨ ᠰᠤᠳᠤᠯᠭᠠᠳᠠᠳ 179 ᠤᠶᠤᠳᠠᠨ ᠢ ᠡᠯᠰᠡᠭᠡᠳ ᠲᠡᠳᠡᠨ ᠢᠶᠠᠷ 21 ᠡᠳᠦᠷ ᠤᠨ ᠳᠤᠳᠤᠷᠠᠬᠢ ᠪᠡᠶ᠎ᠡ ᠪᠠᠨ ᠪᠤᠯᠪᠠᠰᠤᠷᠠᠭᠰᠠᠨ ᠪᠠᠶᠢᠳᠠᠯ ᠢ ᠨᠢ ᠲᠡᠮᠳᠡᠭᠯᠡᠬᠦᠯᠤᠭ᠍ᠰᠡᠨ ᠪᠦᠬᠡᠳ ᠡᠳᠦᠷ ᠪᠦᠷᠢ ᠨᠠᠶᠢᠵᠡ ᠨᠦᠬᠦᠳ ᠪᠤᠶᠤ ᠢᠨᠠᠬ ᠬᠤᠩᠭ᠋ᠤᠷ᠂ ᠭᠡᠷ ᠤᠨ ᠬᠦᠮᠦᠰ ᠲᠠᠢ ᠪᠠᠨ ᠬᠠᠮᠳᠤ ᠬᠦᠳᠡᠯᠭᠡᠭᠡᠨ ᠬᠢᠭ᠍ᠰᠡᠨ ᠡᠰᠡᠬᠦ᠂ ᠳᠤᠭᠳᠠᠭᠰᠠᠨ ᠬᠠᠷᠠᠯᠳᠠ ᠳᠠᠭᠠᠨ ᠬᠦᠷᠦᠭᠰᠡᠨ ᠡᠰᠡᠬᠦ ᠶᠢ ᠨᠢ ᠠᠰᠠᠭᠤᠬᠤ ᠶᠢᠨ ᠬᠠᠮᠳᠤ ᠡᠳᠡᠭᠡᠷ ᠬᠦᠳᠡᠯᠭᠡᠭᠡᠨ ᠤ ᠴᠢᠬᠤᠯᠠ ᠴᠢᠨᠠᠷ ᠲᠤ ᠬᠠᠮᠤᠬ ᠤᠨ ᠳᠤᠤᠷ᠎ᠠ ᠬᠤᠪᠢ 1 ᠬᠤᠪᠢ ᠠᠴᠠ ᠬᠠᠮᠤᠬ ᠤᠨ ᠦᠨᠳᠦᠷ ᠬᠤᠪᠢ 4 ᠬᠤᠪᠢ ᠬᠦᠷᠲᠡᠯ᠎ᠠ ᠬᠤᠪᠢ ᠤᠯᠭᠤᠬᠰᠠᠨ ᠪᠠᠶᠢᠨ᠎ᠠ᠃ ᠡᠬᠦᠨ ᠳᠤ᠂ ᠪᠡᠶ᠎ᠡ ᠪᠠᠨ ᠪᠤᠯᠪᠠᠰᠤᠷᠠᠳᠠᠭ ᠦᠭᠡᠢ ᠡᠳᠦᠷ ᠤᠳ ᠲᠠᠢ ᠬᠠᠷᠢᠴᠠᠭᠤᠯᠪᠠᠯ᠂ ᠪᠡᠶ᠎ᠡ ᠪᠠᠨ ᠪᠤᠯᠪᠠᠰᠤᠷᠠᠭᠰᠠᠨ ᠡᠳᠦᠷ ᠨᠡᠶᠢᠭᠡᠮ ᠤᠨ ᠬᠠᠷᠢᠯᠴᠠᠭᠠᠨ ᠤ ᠠᠵᠢᠯᠯᠠᠭ᠎ᠠ ᠳᠤ ᠨᠡᠯᠢᠶᠡᠳ ᠠᠷᠪᠢᠨ ᠤᠷᠤᠯᠴᠠᠬᠤ ᠪᠤᠯᠵᠤ᠂ ᠨᠡᠩ ᠠᠷᠪᠢᠨ ᠬᠠᠷᠠᠯᠳᠠ ᠳᠤ ᠬᠦᠷᠲᠡᠭ ᠢ ᠤᠯᠵᠤ ᠮᠡᠳᠡᠵᠡᠢ᠃ ᠰᠤᠳᠤᠯᠭᠠᠳᠠᠳ ᠤᠨ ᠢᠯᠡᠷᠭᠡᠶᠢᠯᠡᠭᠰᠡᠨ ᠢᠶᠠᠷ᠂ ᠤᠷᠮ᠎ᠠ ᠬᠤᠭᠤᠷᠠᠵᠤ ᠭᠠᠩᠰᠠᠷᠠᠬᠤ ᠪᠤᠶᠤ ᠬᠦᠴᠢᠷᠲᠡᠯᠲᠡᠢ ᠦᠶᠡᠰ ᠤᠷᠮ᠎ᠠ ᠰᠡᠳᠬᠢᠯᠭᠡ ᠰᠠᠶᠢᠵᠢᠷᠠᠪᠠᠯ ᠬᠦᠴᠢᠷᠲᠡᠯᠳᠡᠢ ᠪᠠᠶᠢᠳᠠᠯ ᠠᠴᠠ ᠪᠠᠨ ᠮᠤᠯᠳᠤᠷᠠᠵᠤ ᠲᠡᠶᠢᠯᠦᠨ᠎ᠡ ᠭᠡᠵᠦ ᠬᠦᠮᠦᠰ ᠪᠤᠳᠤᠳᠠᠭ᠃ ᠦᠨᠡᠨᠳᠡᠭᠡᠨ ᠬᠦᠴᠢᠷᠲᠡᠯᠳᠡᠢ ᠪᠠᠶᠢᠳᠠᠯ ᠠᠴᠠ ᠪᠠᠨ ᠮᠤᠯᠳᠤᠷᠠᠮᠠᠨᠵᠢᠨ ᠬᠦᠮᠦᠨ ᠤ ᠤᠷᠮ᠎ᠠ ᠰᠡᠳᠬᠢᠯᠭᠡ ᠰᠠᠶ‍ᠢ ᠰᠠᠶᠢᠵᠢᠷᠠᠳᠠᠭ᠃  ᠡᠶᠢᠮᠦ ᠠᠴᠠ ᠪᠡᠶ᠎ᠡ ᠶᠢᠨ ᠪᠤᠯᠪᠠᠰᠤᠷᠠᠯ ᠤᠷᠮ᠎ᠡ ᠰᠡᠳᠬᠢᠯᠭᠡ ᠶᠢ ᠵᠤᠬᠢᠴᠠᠭᠤᠯᠤᠨ᠂ ᠬᠠᠷᠠᠯᠳᠠ ᠪᠠᠨ ᠪᠡᠶᠡᠯᠡᠬᠦᠯᠬᠦ ᠬᠦᠳᠡᠯᠭᠡᠬᠦ ᠬᠦᠴᠦᠨ ᠪᠤᠯᠳᠠᠬ ᠭᠡᠵᠦ ᠰᠤᠳᠤᠯᠭᠠᠳᠠᠳ ᠴᠢᠬᠤᠯᠠᠴᠢᠯᠠᠪᠠ᠃ 
ᠢᠷᠡᠯᠲᠡ᠄ ᠲᠤᠮᠳᠠᠳᠤ ᠤᠯᠤᠰ ᠤᠨ ᠮᠤᠩ᠋ᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ