ᠠᠩᠭ᠍ᠯᠢ ᠶᠢᠨ ᠨᠢᠭᠡᠨ ᠰᠤᠳᠤᠯᠭᠠᠨ ᠤ ᠳ᠋ᠦᠩ ᠠᠴᠠ ᠦᠵᠡᠪᠡᠯ᠂ ᠬᠡᠦᠭᠡᠳ ᠨᠤᠶᠢᠷ ᠲᠤᠲᠠᠭᠤ ᠪᠤᠯᠪᠠᠯ ᠬᠡᠳᠦ ᠮᠠᠷᠢᠶᠠᠯᠠᠬᠤ ᠪᠤᠯᠤᠮᠵᠢ ᠨᠢ ᠶᠡᠬᠡᠲᠡ ᠨᠡᠮᠡᠭᠲᠡᠬᠦ | ᠪᠤᠯᠤᠨ᠎ᠠ᠃ | ᠬᠡᠦᠭᠡᠳ ᠤᠨ ᠬᠡᠳᠦ ᠮᠠᠷᠢᠶᠠᠯᠠᠬᠤ ᠪᠠ ᠤᠨᠲᠠᠬᠤ ᠶᠢᠨ ᠬᠤᠭᠤᠷᠤᠨᠲᠤᠬᠢ ᠬᠠᠷᠢᠴᠠᠭ᠎ᠠ ᠶᠢ ᠰᠤᠳᠤᠯᠬᠤ ᠶᠢᠨ ᠳᠤᠰᠠᠲᠠ᠂ ᠠᠩᠭ᠍ᠯᠢ ᠶᠢᠨ ᠸᠧᠯᠢᠺ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠳ ᠦᠩᠭᠡᠷᠡᠭᠰᠡᠨ ᠤ 42 ᠵᠦᠢᠯ ᠤᠨ ᠳᠤᠷᠰᠢᠯᠲᠠ ᠶᠢᠨ ᠦᠷ᠎ᠡ ᠳ᠋ᠦᠩ ᠢ ᠵᠠᠲᠠᠯᠤᠨ ᠰᠢᠨᠵᠢᠯᠡᠵᠡᠢ᠃ ᠡᠳᠡᠭᠡᠷ | ᠳᠤᠷᠰᠢᠯᠲᠠ ᠨᠢ 7.5 ᠳᠦᠮᠡᠨ 18 ᠨᠠᠰᠦᠨ ᠠᠴᠠ ᠲᠤᠷᠤᠭᠰᠢᠬᠢ ᠬᠡᠦᠭᠡᠳ ᠪᠠ ᠵᠠᠯᠠᠭᠤᠴᠤᠳ ᠪᠠᠭᠠᠴᠤᠳ ᠲᠤ ᠬᠤᠯᠪᠤᠬᠲᠠᠵᠤ᠂ ᠲᠠᠭᠠᠵᠤ ᠰᠤᠷᠪᠤᠯᠵᠢᠯᠠᠬᠰᠠᠨ | ᠳᠤᠮᠳᠠᠴᠢ ᠴᠠᠭ ᠨᠢ ᠭᠤᠷᠪᠠᠨ ᠵᠢᠯ ᠪᠤᠯᠤᠨ᠎ᠠ᠃ ᠰᠤᠳᠤᠯᠤᠬᠴᠢᠳ ᠠᠰᠠᠭᠤᠯᠲᠠ ᠶᠢᠨ ᠬᠠᠭᠤᠲᠠᠰᠦ ᠲᠠᠭᠯᠠᠭᠤᠯᠬᠤ ᠪᠠ ᠪᠠᠭᠠᠵᠢ ᠳᠦᠬᠦᠬᠡᠷᠤᠮᠵᠢ ᠵᠡᠬᠦᠯᠭᠡᠨ | ᠰᠤᠳᠤᠯᠤᠬᠲᠠᠬᠤ ᠡᠲᠡᠭᠡᠳ ᠤᠨ ᠢᠶᠠᠨ ᠠᠵᠢᠯᠯᠠᠵᠤ ᠠᠮᠠᠷᠠᠬᠤ ᠲᠠᠳᠬᠠᠯ᠂ ᠡᠷᠡᠬᠦᠯ ᠮᠠᠨᠳᠦ ᠶᠢᠨ ᠪᠠᠶᠢᠲᠠᠯ ᠵᠢᠴᠢ ᠪᠡᠶ᠎ᠡ ᠶᠢᠨ ᠬᠦᠨᠳᠦ ᠶᠢᠨ ᠢᠯᠡᠳᠭᠡᠭᠴᠢ ᠲᠤᠭ᠎ᠠ ᠶᠢ | ᠲᠤᠭᠲᠠᠮᠠᠯ ᠬᠤᠭᠤᠴᠠᠭ᠎ᠠ ᠲᠠᠢ ᠪᠠᠷ ᠤᠶᠢᠯᠠᠭᠠᠭᠰᠠᠨ ᠪᠠᠶᠢᠨ᠎ᠠ᠃ ᠡᠬᠦᠨ ᠤ ᠳ᠋ᠦᠩ ᠳᠤ ᠤᠯᠵᠤ ᠮᠡᠲᠡᠭᠰᠡᠨ ᠨᠢ᠂ ᠨᠤᠶᠢᠷ ᠲᠤᠲᠠᠭᠤ ᠬᠡᠦᠭᠡᠳ ᠤᠨ ᠪᠡᠶ᠎ᠡ ᠶᠢᠨ | ᠬᠦᠨᠳᠦ ᠶᠢᠨ ᠨᠡᠮᠡᠭᠲᠡᠬᠦ ᠬᠠᠷᠢᠴᠠᠯ ᠨᠢ ᠨᠠᠰᠦ ᠰᠠᠴᠠᠭᠤ ᠨᠤᠶᠢᠷ ᠰᠠᠶᠢᠲᠠᠢ ᠬᠡᠦᠭᠡᠳ ᠤᠨ ᠬᠢ ᠠᠴᠠ ᠦᠨᠳᠦᠷ ᠪᠠᠶᠢᠨ᠎ᠠ᠂ ᠨᠤᠶᠢᠷ ᠲᠤᠲᠠᠭᠤ ᠬᠡᠦᠭᠡᠳ ᠤᠨ ᠪᠡᠶ᠎ᠡ ᠶᠢᠨ | ᠬᠦᠨᠳᠦ ᠪᠠᠷᠢᠮᠵᠢᠶ᠎ᠠ ᠠᠴᠠ ᠬᠡᠳᠦᠷᠡᠬᠦ ᠪᠤᠶᠤ ᠮᠠᠷᠢᠶᠠᠯᠠᠬᠤ ᠪᠤᠯᠤᠮᠵᠢ ᠨᠢ ᠨᠤᠶᠢᠷ ᠰᠠᠶᠢᠲᠠᠢ ᠬᠡᠦᠭᠡᠳ ᠤᠨ ᠬᠢ ᠠᠴᠠ ᠳᠤᠮᠳᠠᠴᠢ ᠪᠠᠷ 58% ᠦᠨᠳᠦᠷ ᠪᠠᠶᠢᠨ᠎ᠠ᠃ | ᠪᠤᠲᠠᠲᠠᠢ ᠪᠠᠷ ᠬᠡᠯᠡᠪᠡᠯ᠂ 4 ~11 ᠰᠠᠷ᠎ᠠ ᠪᠤᠯᠵᠤ ᠪᠠᠶᠢᠭ᠎ᠠ ᠨᠢᠯᠬ᠎ᠠ ᠬᠡᠦᠬᠡᠳ ᠤᠨ ᠤᠨᠲᠠᠭᠰᠠᠨ ᠴᠠᠭ ᠨᠢ 12 ᠴᠠᠭ ᠬᠦᠷᠬᠦ ᠦᠭᠡᠢ ᠦᠶ᠎ᠡ ᠳᠤ᠂ ᠬᠡᠳᠦ ᠮᠠᠷᠢᠶᠠᠯᠠᠬᠤ | ᠳᠦᠭᠰᠢᠬᠦᠷᠢ ᠨᠢ 40% ᠪᠠᠷ ᠲᠡᠭᠡᠭᠰᠢᠯᠡᠨ᠎ᠡ︔ 3~5 ᠨᠠᠰᠤᠳᠠᠢ ᠬᠡᠦᠬᠡᠳ ᠤᠨ ᠤᠨᠲᠠᠭᠰᠠᠨ ᠴᠠᠭ ᠨᠢ 10 ᠴᠠᠭ ᠬᠦᠷᠬᠦ ᠦᠭᠡᠢ ᠦᠶ᠎ᠡ ᠳᠤ᠂ ᠬᠡᠳᠦ | ᠮᠠᠷᠢᠶᠠᠯᠠᠬᠤ ᠳᠦᠭᠰᠢᠬᠦᠷᠢ ᠨᠢ 57% ᠪᠠᠷ ᠲᠡᠭᠡᠭᠰᠢᠯᠡᠨ᠎ᠡ︔ 6~13 ᠨᠠᠰᠤᠳᠠᠢ ᠬᠡᠦᠬᠡᠳ ᠤᠨ ᠤᠨᠲᠠᠭᠰᠠᠨ ᠴᠠᠭ ᠨᠢ 9 ᠴᠠᠭ ᠬᠦᠷᠬᠦ ᠦᠭᠡᠢ ᠦᠶ᠎ᠡ ᠳᠤ᠂ | ᠬᠡᠳᠦ ᠮᠠᠷᠢᠶᠠᠯᠠᠬᠤ ᠳᠦᠭᠰᠢᠬᠦᠷᠢ ᠨᠢ 123% ᠪᠠᠷ ᠲᠡᠭᠡᠭᠰᠢᠯᠡᠨ᠎ᠡ︔ 14 ~17 ᠨᠠᠰᠤᠳᠠᠢ ᠬᠡᠦᠬᠡᠳ ᠤᠨ ᠤᠨᠲᠠᠭᠰᠠᠨ ᠴᠠᠭ ᠨᠢ 8 ᠴᠠᠭ ᠬᠦᠷᠬᠦ ᠦᠭᠡᠢ | ᠦᠶ᠎ᠡ ᠳᠤ ᠬᠡᠳᠦ ᠮᠠᠷᠢᠶᠠᠯᠠᠬᠤ ᠳᠦᠭᠰᠢᠬᠦᠷᠢ ᠨᠢ 30% ᠪᠠᠷ ᠲᠡᠭᠡᠭᠰᠢᠯᠡᠨ᠎ᠡ᠃ | |