| ᠸᠠᠩ ᠱᠢ ᠶᠣᠣ | | ᠰᠢᠨᠵᠢᠯᠡᠨ ᠰᠢᠯᠭᠠᠯᠳᠠ ᠭᠢᠯᠭᠡᠬᠦ ᠠᠴᠠ ᠡᠮᠦᠨᠡᠬᠢ ᠪᠡᠯᠡᠳᠬᠡᠯ ᠠᠵᠢᠯ ᠢ ᠰᠠᠶᠢᠳᠤᠷ ᠬᠢᠬᠦ ᠡᠰᠡᠬᠦ ᠨᠢ ᠡᠮᠴᠢᠯᠡᠭᠡᠨ ᠤ ᠰᠢᠨᠵᠢᠯᠡᠨ ᠰᠢᠯᠠᠭᠠᠯᠳᠠ ᠶᠢᠨ ᠦᠷ᠎ᠡ ᠳ᠋ᠦᠩ ᠢ | ᠨᠥᠯᠥᠭᠡᠯᠡᠬᠦ ᠴᠢᠬᠤᠯᠠ ᠡᠯᠧᠮᠧᠨ᠋ᠲ ᠪᠤᠯᠤᠨ᠎ᠠ᠃ ᠣᠯᠠᠩᠬᠢ ᠦᠶ᠎ᠡ ᠳᠤ ᠪᠡᠯᠡᠳᠬᠡᠯ ᠠᠵᠢᠯ ᠢ ᠰᠠᠶᠢᠳᠤᠷ ᠬᠢᠭᠰᠡᠨ ᠦᠭᠡᠢ ᠠᠴᠠ ᠪᠣᠯᠵᠤ᠂ ᠰᠢᠨᠵᠢᠯᠡᠨ ᠰᠢᠯᠭᠠᠯᠳᠠ ᠶᠢᠨ | ᠦᠷ᠎ᠡ ᠳ᠋ᠦᠩ ᠤᠨᠤᠪᠴᠢ ᠦᠭᠡᠢ ᠪᠤᠯᠵᠤ᠂ ᠡᠴᠦᠰ ᠲᠡᠭᠡᠨ ᠡᠮᠴᠢ ᠶᠢᠨ ᠣᠨᠣᠰᠢᠯᠠᠯᠲᠠ ᠶᠢ ᠨᠥᠯᠥᠭᠡᠯᠡᠵᠦ᠂ ᠡᠪᠡᠳᠴᠢᠲᠡᠨ ᠤ ᠡᠪᠡᠳᠴᠢᠨ ᠢ ᠰᠠᠭᠠᠲᠠᠭᠠᠬᠤ | ᠦᠵᠡᠭᠳᠡᠯ ᠭᠠᠷᠳᠠᠬ᠃ ᠡᠶᠢᠮᠦ ᠪᠠᠶᠢᠳᠠᠯ ᠭᠠᠷᠬᠤ ᠶᠢ ᠠᠯᠢ ᠴᠢᠳᠠᠬᠤ ᠪᠠᠷ ᠪᠤᠯᠭᠤᠮᠵᠢᠯᠠᠨ ᠰᠡᠷᠭᠡᠶᠢᠯᠡᠬᠦ ᠶᠢᠨ ᠲᠤᠰᠠᠳᠠ᠂ ᠳᠣᠷᠤᠬᠰᠢ ᠪᠢᠳᠡ ᠬᠠᠮᠲᠤ ᠪᠠᠷ | ᠡᠮᠨᠡᠯᠭᠡ ᠳᠤ ᠬᠦᠷᠴᠦ ᠰᠢᠨᠵᠢᠯᠡᠨ ᠰᠢᠯᠭᠠᠯᠳᠠ ᠠᠴᠠ ᠡᠮᠦᠨ᠎ᠡ ᠶᠠᠭᠤ ᠶᠢ ᠠᠩᠬᠠᠷᠪᠠᠯ ᠵᠤᠬᠢᠬᠤ ᠲᠤᠬᠠᠢ ᠣᠶᠢᠯᠠᠭᠠᠶ᠎ᠠ᠃ | ᠪᠠᠭᠠᠰᠤᠨ ᠤ ᠡᠩ ᠤᠨ ᠰᠢᠯᠭᠠᠨ ᠪᠠᠶᠢᠴᠠᠭᠠᠯᠳᠠ ᠬᠢᠯᠬᠡᠬᠦ | ᠨᠢᠯᠬ᠎ᠠ ᠬᠡᠤᠬᠡᠳ ᠤᠨ ᠪᠠᠭᠠᠰᠤ ᠠᠯᠳᠠᠬᠤ ᠡᠪᠡᠳᠴᠢᠨ ᠪᠣᠯ ᠡᠮᠴᠢᠯᠡᠭᠡᠨ ᠤ ᠠᠵᠢᠯ ᠳᠤᠮᠳᠠ ᠦᠷᠭᠦᠯᠵᠢ ᠲᠣᠬᠢᠶᠠᠯᠳᠤᠳᠠᠭ ᠡᠪᠡᠳᠴᠢᠨ ᠪᠣᠯᠤᠨ᠎ᠠ᠂ ᠡᠪᠡᠳᠴᠢᠨ ᠤ | ᠰᠢᠯᠳᠠᠭᠠᠨ ᠢ ᠡᠷᠢᠬᠦ ᠶᠢᠨ ᠲᠦᠯᠦᠭᠡ ᠶᠡᠷᠦ ᠳᠡᠭᠡᠨ ᠡᠩ ᠤᠨ ᠰᠢᠯᠭᠠᠨ ᠪᠠᠶᠢᠴᠠᠭᠠᠯᠳᠠ ᠬᠢᠯᠭᠡᠬᠦ ᠴᠢᠬᠤᠯᠠᠳᠠᠢ ᠪᠠᠶᠢᠳᠠᠭ᠃ ᠡᠨᠡ ᠦᠶᠡᠰ ᠭᠡᠷ ᠤᠨ ᠬᠥᠮᠦᠰ ᠨᠢ | ᠶᠡᠷᠦ ᠳᠡᠭᠡᠨ ᠬᠡᠦᠬᠡᠳ ᠤᠨ ᠪᠠᠭᠠᠰᠤ ᠲᠠᠢ ᠴᠠᠭᠠᠰᠤᠨ ᠲᠤᠳᠤᠷ ᠥᠮᠥᠳᠥ ᠶᠢ ᠨᠢ ᠡᠮᠴᠢ ᠳᠤ ᠠᠪᠴᠢᠷᠠᠨ ᠥᠭᠴᠦ᠂ ᠡᠮᠴᠢ ᠪᠠᠷ ᠰᠢᠯᠭᠠᠨ ᠪᠠᠶᠢᠴᠠᠭᠠᠯᠳᠠ ᠬᠢᠯᠭᠡᠳᠡᠭ᠂ | ᠬᠡᠳᠡᠯ᠎ᠡ ᠬᠡᠦᠭᠡᠳ ᠤᠨ ᠡᠮᠦᠰᠦᠭᠰᠡᠨ ᠴᠠᠭᠠᠰᠤᠨ ᠥᠮᠥᠳᠥᠨ ᠳᠡᠭᠡᠷ᠎ᠡ ᠬᠡᠤᠬᠡᠳ ᠤᠨ ᠪᠠᠭᠠᠰᠤ ᠪᠠᠶᠢᠬᠤ ᠠᠴᠠ ᠭᠠᠳᠠᠨ᠎ᠠ᠂ ᠪᠠᠰᠠ ᠬᠡᠦᠭᠡᠳ ᠤᠨ ᠰᠢᠭᠡᠰᠦ ᠨᠠᠭᠠᠯᠳᠤᠵᠤ | ᠪᠠᠶᠢᠳᠠᠭ᠂ ᠡᠨᠡ ᠨᠢ ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢ ᠨᠥᠯᠥᠭᠡᠯᠡᠵᠦ᠂ ᠬᠡᠤᠬᠡᠳ ᠤᠨ ᠡᠪᠡᠳᠴᠢᠨ ᠤ ᠵᠢᠩᠬᠢᠨᠢ ᠰᠢᠯᠲᠠᠭᠠᠨ ᠢ ᠨᠢ ᠡᠷᠢᠵᠦ ᠣᠯᠵᠤ | ᠴᠢᠳᠠᠬᠤ ᠦᠭᠡᠢ ᠪᠣᠯᠭᠠᠵᠦ ᠮᠡᠳᠡᠨ᠎ᠡ᠃ ᠬᠡᠷᠪᠡ ᠣᠨᠣᠪᠴᠢᠲᠠᠶ ᠦᠷ᠎ᠡ ᠳ᠋ᠦᠩ ᠣᠯᠤᠶ᠎ᠠ ᠭᠡᠪᠡᠯ ᠭᠡᠷ ᠤᠨ ᠠᠬᠠᠮᠠᠳ ᠨᠢ ᠬᠠᠮᠤᠭ ᠰᠠᠶᠢᠨ ᠨᠢ ᠬᠡᠦᠭᠡᠳ ᠤᠨ ᠪᠠᠭᠠᠰᠤ ᠶᠢ | ᠴᠡᠪᠡᠷ ᠰᠠᠪᠠᠨ ᠳᠤ ᠬᠢᠵᠦ ᠠᠪᠴᠢᠷᠠᠨ᠂ ᠴᠠᠭ ᠲᠤᠬᠠᠶ ᠳᠤᠨᠢ ᠡᠮᠴᠢ ᠳᠤ ᠬᠦᠷᠭᠡᠨ ᠰᠢᠯᠭᠠᠨ ᠪᠠᠶᠢᠴᠠᠭᠠᠯᠭᠠᠬᠤ ᠬᠡᠷᠡᠭᠳᠡᠢ᠃ ᠠᠩᠬᠠᠷᠤᠭᠤᠰᠢᠲᠠᠶ ᠨᠢ᠂ | ᠬᠡᠦᠭᠡᠳ ᠤᠨ ᠪᠠᠭᠠᠰᠤ ᠶᠢ ᠡᠮᠨᠡᠯᠭᠡ ᠶᠢᠨ ᠬᠤᠷᠢᠶ᠎ᠠ ᠳᠤ ᠬᠦᠷᠭᠡᠵᠦ ᠪᠠᠶᠢᠴᠠᠭᠠᠯᠭᠠᠬᠤ ᠴᠠᠭ ᠢ ᠨᠢᠭᠡ ᠴᠠᠭ ᠠᠴᠠ ᠬᠡᠲᠦᠷᠡᠭᠦᠯᠵᠦ ᠪᠣᠯᠬᠤ ᠦᠭᠡᠢ᠂ ᠡᠰᠡ ᠲᠡᠭᠡᠪᠡᠯ | ᠰᠢᠯᠭᠠᠨ ᠪᠠᠶᠢᠴᠠᠭᠠᠯᠳᠠ ᠶᠢᠨ ᠦᠷ᠎ᠡ ᠳ᠋ᠦᠩ ᠢ ᠨᠥᠯᠥᠭᠡᠯᠡᠬᠦ ᠪᠣᠯᠤᠨ᠎ᠠ᠃ | ᠰᠢᠭᠡᠰᠦᠨ ᠤ ᠡᠩ ᠤᠨ ᠰᠢᠯᠭᠠᠨ ᠪᠠᠶᠢᠴᠠᠭᠠᠯᠳᠠ ᠬᠢᠯᠭᠡᠬᠦ | ᠰᠢᠭᠡᠰᠦ ᠶᠢ ᠦᠯᠡᠳᠡᠭᠡᠨ ᠠᠪᠬᠤ ᠦᠶ᠎ᠡ ᠳᠤ ᠣᠨᠴᠠᠭᠠᠶ ᠠᠩᠬᠠᠷᠬᠤ ᠬᠡᠷᠡᠭᠲᠡᠶ᠂ ᠡᠮᠡᠭᠳᠡᠶᠢᠴᠤᠳ ᠰᠠᠷ᠎ᠠ ᠶᠢᠨ ᠭᠭᠢᠷ ᠤᠨ ᠬᠤᠭᠤᠴᠠᠭᠠᠨ ᠳᠠᠭᠠᠨ ᠰᠢᠭᠡᠰᠦᠨ ᠤ | ᠰᠢᠯᠭᠠᠨ ᠪᠠᠢᠴᠠᠭᠠᠯᠳᠠ ᠬᠢᠯᠭᠡᠵᠦ ᠪᠤᠯᠬᠤ ᠦᠭᠡᠢ᠃ ᠡᠮᠴᠢ ᠳᠤ ᠦᠷᠭᠦᠯᠵᠢ ᠡᠶᠢᠮᠦ ᠪᠠᠶᠢᠳᠠᠯ ᠲᠣᠬᠢᠶᠠᠯᠳᠤᠳᠠᠭ ᠪᠠᠶᠢᠨ᠎ᠠ᠄ ᠡᠪᠡᠳᠴᠢᠲᠡᠨ ᠶᠠᠪᠤᠵᠤ ᠰᠠᠭᠤᠬᠤ ᠳᠤ | ᠳᠥᠭᠦᠮ ᠦᠭᠡᠢ ᠬᠡᠳ ᠭᠡᠷ ᠲᠡᠭᠡᠨ ᠰᠢᠭᠡᠰᠦ ᠪᠠᠨ ᠠᠪᠤᠭᠠᠳ ᠡᠮᠨᠡᠯᠭᠡ ᠶᠢᠨ ᠬᠤᠷᠢᠶ᠎ᠡ ᠳᠤ ᠬᠦᠷᠭᠡᠨ ᠪᠠᠶᠢᠴᠠᠭᠠᠯᠭᠠᠳᠠᠭ᠂ ᠬᠡᠳᠡᠯ᠎ᠡ ᠡᠮᠨᠡᠯᠭᠡ ᠶᠢᠨ | ᠬᠤᠷᠢᠶ᠎ᠠ ᠶᠢᠨ ᠬᠢᠨ ᠲᠡᠭᠦᠨ ᠤ ᠰᠢᠭᠡᠰᠦ ᠶᠢ ᠬᠦᠯᠢᠶᠡᠨ ᠠᠪᠬᠤ ᠳᠤ ᠨᠢᠭᠡᠨᠲᠡ ᠬᠤᠶᠠᠷ ᠴᠠᠭ ᠥᠩᠭᠡᠷᠡᠭᠰᠡᠨ ᠪᠠᠶᠢᠳᠠᠭ᠂ ᠡᠨᠡ ᠦᠶ᠎ᠡ ᠳᠤ ᠰᠢᠭᠡᠰᠦᠨ ᠳᠠᠬᠢ | ᠬᠢᠮᠢ ᠶᠢᠨ ᠪᠤᠳᠠᠰ ᠲᠤ ᠪᠦᠷᠢᠮᠦᠰᠦᠨ ᠬᠤᠪᠢᠷᠠᠯᠲᠠ ᠭᠠᠷᠴᠤ᠂ ᠡᠰ ᠨᠢ ᠴᠦ ᠨᠢᠭᠡᠨᠲᠡ ᠠᠭᠤᠰᠴᠦ᠂ ᠰᠢᠭᠡᠰᠦᠨ ᠤ ᠡᠩ ᠤᠨ ᠰᠢᠯᠭᠠᠨ ᠪᠠᠶᠢᠴᠠᠭᠠᠯᠲᠠ ᠶᠢᠨ | ᠦᠷ᠎ᠡ ᠳ᠋ᠦᠩ ᠨᠢ ᠡᠪᠡᠳᠴᠢᠲᠡᠨ ᠤ ᠲᠤᠬᠠᠶ ᠶᠢᠨ ᠦᠶ᠎ᠡ ᠶᠢᠨ ᠪᠡᠶ᠎ᠡ ᠮᠠᠬᠠᠪᠣᠳ ᠤᠨ ᠦᠨᠡᠨ ᠪᠣᠳᠠᠲᠠᠶ ᠪᠠᠶᠢᠳᠠᠯ ᠢ ᠲᠤᠰᠬᠠᠵᠤ ᠲᠡᠶᠢᠯᠬᠦ ᠦᠭᠡᠢ ᠪᠤᠯᠳᠠᠭ᠃ | ᠡᠶᠢᠮᠦ ᠠᠴᠠ ᠡᠮᠴᠢ ᠠᠴᠠ ᠡᠪᠡᠳᠴᠢᠲᠡᠨ ᠰᠢᠭᠡᠰᠦ ᠪᠠᠨ ᠲᠤᠷᠰᠢᠯᠲᠠ ᠶᠢᠨ ᠳᠠᠰᠤᠭ ᠲᠤ ᠬᠦᠷᠭᠡᠬᠦ ᠳᠡᠭᠡᠨ ᠨᠢᠭᠡ ᠴᠠᠭ ᠠᠴᠠ ᠬᠡᠲᠦᠷᠡᠭᠦᠯᠵᠦ ᠪᠣᠯᠬᠤ ᠦᠭᠡᠢ᠂ | ᠰᠢᠭᠡᠰᠦ ᠪᠠᠨ ᠬᠠᠭᠠᠰ ᠴᠠᠭ ᠤᠨ ᠳᠣᠲᠣᠷ᠎ᠠ ᠬᠦᠷᠭᠡᠵᠦ ᠪᠠᠶᠢᠴᠠᠭᠠᠯᠭᠠᠪᠠᠯ ᠬᠠᠮᠤᠭ ᠰᠠᠶᠢᠨ ᠬᠡᠵᠦ ᠰᠠᠨᠠᠭᠤᠯᠵᠤ ᠪᠠᠶᠢᠨ᠎ᠠ᠃ | ᠥᠯᠥᠨ ᠢᠶᠠᠷ ᠪᠠᠶᠢᠴᠠᠭᠠᠯᠳᠠ ᠬᠢᠯᠭᠡᠬᠦ | ᠥᠯᠥᠨ ᠢᠶᠠᠷ ᠪᠠᠶᠢᠴᠠᠭᠠᠯᠲᠠ ᠬᠢᠯᠭᠡᠬᠦ ᠶᠢ ᠱᠠᠭᠠᠷᠳᠠᠳᠠᠭ ᠤᠨ ᠤᠴᠢᠷ ᠨᠢ ᠢᠳᠡᠭᠡᠨ ᠤᠮᠳᠠᠭᠠᠨ ᠵᠠᠷᠢᠮ ᠪᠠᠶᠢᠴᠠᠭᠠᠨ ᠰᠢᠯᠭᠠᠬᠤ ᠵᠦᠢᠯ ᠢ ᠨᠥᠯᠥᠭᠡᠯᠡᠬᠦ ᠪᠤᠶᠤ | ᠬᠠᠷᠰᠢ ᠰᠠᠭᠠᠳ ᠤᠴᠠᠷᠠᠭᠤᠯᠳᠠᠭ ᠠᠴᠠ ᠪᠤᠯᠵᠠᠢ᠂ ᠣᠳᠣᠬᠠᠨ ᠳᠤ ᠪᠢᠣᠬᠢᠮᠢ ᠵᠡᠷᠭᠡ ᠶᠢᠨ ᠪᠠᠶᠢᠴᠠᠭᠠᠨ ᠰᠢᠯᠭᠠᠬᠤ ᠲᠥᠷᠥᠯ ᠵᠦᠢᠯ ᠢ ᠰᠢᠯᠭᠠᠨ ᠪᠠᠶᠢᠴᠠᠭᠠᠬᠤ ᠳᠤ ᠡᠯ᠎ᠡ | ᠵᠦᠢᠯ ᠤᠨ ᠬᠢᠮᠢ ᠶᠢᠨ ᠠᠷᠭ᠎ᠠ᠂ ᠡᠯ᠎ᠡ ᠵᠦᠢᠯ ᠤᠨ ᠪᠠᠭᠠᠵᠢ ᠬᠡᠷᠡᠭᠰᠡᠯ ᠢᠶᠠᠷ ᠪᠠᠶᠢᠴᠠᠭᠠᠨ ᠰᠢᠯᠭᠠᠬᠤ ᠦᠯᠢᠭᠡᠷ ᠬᠡᠪ ᠳᠣᠲᠣᠷᠠᠬᠢ ᠶᠠᠮᠠᠷ ᠨᠢᠭᠡᠨ ᠪᠦᠷᠢᠯᠳᠦᠬᠦᠨ᠂ | ᠠᠭᠤᠯᠤᠭᠳᠠᠴᠠ ᠶᠢ ᠳᠠᠮ ᠢᠶᠠᠷ ᠪᠠᠶᠢᠴᠠᠭᠠᠨ ᠰᠢᠯᠭᠠᠵᠤ ᠪᠠᠶᠢᠳᠠᠭ᠃ ᠥᠯᠥᠨ ᠢᠶᠠᠷ ᠪᠠᠶᠢᠴᠠᠭᠠᠯᠳᠠ ᠬᠢᠯᠭᠡᠬᠦ ᠶᠢ ᠬᠠᠮᠤᠭ ᠤᠨ ᠴᠢᠩᠭ᠎ᠠ ᠱᠠᠭᠠᠷᠳᠠᠳᠠᠭ ᠲᠦᠷᠦᠯ | ᠵᠦᠢᠯ ᠪᠤᠯ ᠦᠵᠦᠮ ᠤᠨ ᠰᠢᠬᠢᠷ ᠪᠠ ᠭᠯᠢᠼᠧᠷᠢᠨ ᠭᠤᠷᠪᠠᠴᠢ ᠡᠰᠲ᠋ᠧᠷ ᠪᠤᠯᠤᠨ᠎ᠠ᠂ ᠶᠠᠮᠠᠷᠪᠠ ᠨᠡᠭᠦᠷᠡᠰᠦ ᠤᠰᠤᠨ ᠤ ᠨᠢᠭᠡᠳᠪᠦᠷᠢ ᠨᠢ ᠪᠦᠷ ᠴᠢᠰᠤᠨ ᠰᠢᠬᠢᠷ ᠢ | ᠥᠨᠳᠥᠷᠵᠢᠬᠦᠯᠵᠦ᠂ ᠢᠳᠡᠭᠡᠨ ᠤᠮᠳᠠᠭᠠᠨ ᠨᠢ ᠭᠯᠢᠼᠧᠷᠢᠨ ᠭᠤᠷᠪᠠᠴᠢ ᠡᠰᠲ᠋ᠧᠷ ᠤᠨ ᠬᠡᠮᠵᠢᠯᠲᠡ ᠶᠢ ᠨᠥᠯᠥᠭᠡᠯᠡᠳᠡᠭ᠃ ᠡᠭᠡᠯᠢᠯᠡᠭᠡ ᠶᠢᠨ ᠲᠥᠷᠥᠯ ᠵᠦᠢᠯ ᠢ | ᠰᠢᠯᠭᠠᠨ ᠪᠠᠶᠢᠴᠠᠭᠠᠬᠤ ᠳᠤ ᠥᠯᠥᠨ ᠢᠶᠠᠷ ᠪᠠᠶᠢᠴᠠᠭᠠᠯᠳᠠ ᠬᠢᠯᠭᠡᠬᠦ ᠶᠢ ᠴᠢᠩᠭ᠎ᠠ ᠱᠠᠭᠠᠷᠳᠠᠳᠠᠭ ᠦᠭᠡᠢ᠂ ᠭᠡᠪᠡᠴᠦ ᠢᠳᠡᠭᠡᠨ ᠤ ᠳᠣᠲᠣᠷ᠎ᠠ ᠠᠭᠤᠯᠤᠬᠳᠠᠵᠤ ᠪᠠᠶᠢᠭ᠎ᠠ | ᠵᠠᠷᠢᠮ ᠬᠤᠷᠮᠣᠨ ᠤ ᠪᠦᠷᠢᠯᠳᠦᠬᠦᠨ ᠨᠢ ᠦᠷᠡᠵᠢᠯ ᠤᠨ ᠬᠤᠷᠮᠣᠨ ᠤ ᠬᠡᠮᠵᠢᠯᠳᠡ ᠶᠢ ᠨᠥᠯᠥᠭᠡᠯᠡᠵᠦ ᠮᠡᠳᠡᠨ᠎ᠡ᠃ ᠡᠭᠦᠨ ᠠᠴᠠ ᠭᠠᠳᠠᠨ᠎ᠠ᠂ ᠥᠯᠥᠨ ᠢᠶᠠᠷ ᠶᠠᠪᠤᠬᠤ | ᠴᠠᠭ ᠢ ᠪᠠᠰᠠ ᠠᠩᠬᠠᠷᠬᠤ ᠬᠡᠷᠡᠭᠲᠡᠶ᠂ ᠣᠯᠠᠩᠬᠢ ᠬᠥᠮᠦᠰ ᠥᠯᠥᠨ ᠢᠶᠠᠷ ᠶᠠᠪᠤᠬᠤ ᠴᠠᠭ ᠨᠢ ᠬᠡᠳᠦᠶ ᠤᠷᠳᠤ ᠪᠣᠯ ᠲᠡᠳᠦᠶ ᠰᠠᠶᠢᠨ ᠭᠡᠵᠦ ᠦᠵᠡᠳᠡᠭ᠂ ᠦᠨᠡᠨᠳᠡᠭᠡᠨ | ᠲᠡᠶᠢᠮᠦ ᠪᠢᠰᠢ ᠶᠤᠮ᠃ ᠶᠡᠷᠦ ᠳᠡᠭᠡᠨ 8 ᠴᠠᠭ ~ 10 ᠴᠠᠭ ᠥᠯᠥᠨ ᠢᠶᠠᠷ ᠶᠠᠪᠤᠬᠤ ᠶᠢ ᠱᠠᠭᠠᠷᠳᠠᠨ᠎ᠠ᠂ ᠥᠭᠡᠷ᠎ᠡ ᠪᠠᠷ ᠬᠡᠯᠡᠪᠡᠯ᠂ ᠬᠡᠷᠪᠡ ᠮᠠᠷᠭᠠᠰᠢ | ᠴᠢᠰᠤ ᠪᠠᠨ ᠪᠠᠢᠴᠠᠭᠠᠯᠭᠠᠬᠤ ᠭᠡᠪᠡᠯ᠂ ᠲᠤᠰ ᠡᠳᠦᠷ ᠤᠨ ᠤᠷᠤᠢ ᠶᠢᠨ ᠨᠠᠢᠮᠠᠨ ᠴᠠᠭ ᠠᠴᠠ ᠬᠤᠶᠢᠰᠢ ᠶᠠᠭᠤᠮ᠎ᠠ ᠢᠳᠡᠵᠦ ᠪᠤᠯᠬᠤ ᠦᠭᠡᠢ᠂ ᠤᠰᠤ ᠤᠤᠭᠤᠵᠤ | ᠪᠣᠯᠤᠨ᠎ᠠ᠂ ᠭᠡᠪᠡᠴᠦ ᠪᠤᠰᠤᠳ ᠤᠮᠳᠠᠭᠠᠨ ᠢ ᠤᠤᠭᠤᠵᠤ ᠪᠣᠯᠬᠤ ᠦᠭᠡᠢ᠃ | ᠲᠤᠰ ᠵᠤᠬᠢᠶᠠᠯ ᠳᠤ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠲᠦᠩ ᠷᠧᠨ ᠡᠮᠨᠡᠯᠭᠡ ᠶᠢᠨ ᠬᠤᠷᠢᠶᠠᠨ ᠤ ᠰᠢᠯᠭᠠᠨ | ᠪᠠᠶᠢᠴᠠᠭᠠᠯᠳᠠ ᠶᠢᠨ ᠰᠠᠯᠠᠭ᠎ᠠ ᠶᠢᠨ ᠳᠡᠳ᠋ ᠡᠷᠬᠢᠯᠡᠭᠴᠢ ᠯᠢᠦ ᠰᠢᠶᠠᠩ ᠬᠤᠢ ᠰᠢᠨᠵᠢᠯᠡᠬᠦ ᠤᠬᠠᠭᠠᠨᠴᠢ ᠴᠢᠨᠠᠷᠲᠠᠶ ᠬᠢᠨᠠᠯᠳᠡ ᠬᠢᠵᠦ ᠦᠭᠪᠡ᠃ | | |