ᠡᠸ᠋ᠨᠩᠬᠢ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠤᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2025/4/23
   ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠤᠨ ᠤᠳᠤᠷᠢᠳᠤᠯᠭ᠎ᠠ ᠶᠢ ᠠᠯᠬᠤᠮ ᠴᠢᠨᠠᠭᠰᠢᠳᠠ ᠴᠢᠩᠭᠠᠳᠬᠠᠵᠦ᠂ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠬᠤ ᠶᠢ ᠪᠠᠳᠤᠯᠠᠬᠤ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠶᠢᠨ ᠵᠢᠭᠠᠪᠦᠷᠢ ᠪᠠ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠠᠨ᠂ ᠬᠤᠰᠢᠭᠤᠨ ᠤ ᠪᠠᠨ ᠪᠤᠳᠠᠳᠠᠢ ᠲᠠᠢ ᠤᠶᠠᠯᠳᠤᠭᠤᠯᠵᠦ᠂ ᠲᠤᠰ ᠠᠵᠢᠯ ᠤᠨ  ᠡᠭᠦᠷᠭᠡ ᠬᠠᠷᠢᠭᠤᠴᠠᠯᠭ᠎ᠠ ᠶᠢ ᠲᠤᠭᠳᠠᠭᠠᠪᠠ᠃   ᠡᠸ᠋ᠨᠩᠬᠢ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠤᠳᠤᠷᠢᠳᠬᠤ ᠲᠤᠭᠤᠶᠢᠯᠠᠩ ᠤᠨ ᠡᠭᠦᠷᠭᠡ ᠬᠠᠷᠢᠭᠤᠴᠠᠯᠭ᠎ᠠ᠄   ᠡᠸ᠋ᠨᠩᠬᠢ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠤᠳᠤᠷᠢᠳᠬᠤ ᠲᠤᠭᠤᠶᠢᠯᠠᠩ ᠪᠤᠯ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠢ ᠵᠢᠯᠤᠭᠤᠳᠬᠤ ᠵᠤᠬᠢᠶᠠᠨ ᠪᠠᠶᠢᠭᠤᠯᠣᠨ ᠤᠳᠤᠷᠢᠳᠬᠤ ᠪᠠᠶᠢᠭᠤᠯᠤᠮᠵᠢ ᠮᠦᠨ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ ᠲᠤᠤᠷ᠎ᠠ ᠠᠵᠢᠯ ᠢᠶᠠᠨ ᠦᠷᠨᠢᠭᠦᠯᠦᠨ᠎ᠠ᠃ ᠡᠭᠦᠷᠭᠡ ᠬᠠᠷᠢᠭᠤᠴᠠᠯᠭ᠎ᠠ ᠨᠢ ᠲᠠᠷᠤᠢ ᠲᠤᠤᠷᠠᠬᠢ ᠮᠡᠳᠤ᠄   ︵ᠨᠢᠭᠡ︶ ᠨᠠᠮ ᠤᠨ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂ ᠬᠦᠯᠦᠨ ᠪᠤᠶᠢᠷ ᠬᠤᠳᠠ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠤᠷᠳᠤᠨ ᠤ  ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠤᠨ ᠬᠤᠯᠪᠣᠭᠳᠠᠯ ᠪᠦᠬᠦᠢ ᠲᠤᠭᠳᠠᠭᠠᠯ᠂ ᠰᠢᠢᠳᠪᠦᠷᠢ᠂ ᠰᠠᠨᠠᠯ ᠢ ᠤᠯᠠᠮᠵᠢᠯᠠᠨ ᠲᠤᠤᠱᠯᠠᠭᠤᠯᠤᠨ᠎ᠠ︔   ︵ᠬᠤᠶᠠᠷ︶ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠢ ᠬᠦᠭᠵᠢᠭᠦᠯᠬᠦ ᠲᠦᠯᠦᠪᠵᠢᠭᠦᠯᠭᠡ ᠪᠠ ᠭᠡᠷᠡᠭᠵᠢᠭᠦᠯᠬᠦ ᠲᠦᠰᠦᠯ ᠢ ᠲᠤᠭᠳᠠᠭᠠᠨ᠎ᠠ︔   ︵ᠭᠤᠷᠪᠠ︶ ᠪᠦᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠤᠨ ᠴᠢᠬᠤᠯᠨ ᠭᠡᠷᠡᠭ ᠤᠳ ᠢ ᠰᠤᠳᠤᠯᠤᠨ ᠲᠤᠭᠳᠠᠭᠠᠵᠦ᠂ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠤᠨ ᠬᠤᠯᠪᠤᠭᠳᠠᠯ ᠪᠦᠬᠦᠢ ᠴᠢᠬᠤᠯᠨ ᠪᠢᠴᠢᠭ ᠮᠠᠲ᠋ᠧᠷᠢᠶᠠᠯ ᠢ ᠬᠢᠨᠠᠨ ᠲᠤᠭᠳᠠᠭᠠᠨ᠎ᠠ︔   ︵ᠲᠦᠷᠪᠡ  ︶ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠤᠨ ᠲᠣᠬᠠᠢ ᠤᠳᠤᠷᠢᠳᠬᠤ ᠲᠤᠭᠤᠶᠢᠯᠠᠩ ᠠᠴᠠ ᠦᠨᠡᠯᠡᠭᠰᠡᠨ ᠪᠣᠶᠣ ᠲᠡᠭᠡᠳᠦ ᠱᠠᠳᠤᠨ ᠳᠤ ᠲᠠᠨᠢᠯᠴᠠᠭᠤᠯᠵᠦ ᠰᠢᠯᠢᠨ ᠰᠤᠩᠭᠤᠭᠰᠠᠨ ᠲᠡᠷᠢᠬᠦᠨ ᠤ ᠬᠠᠮᠳᠤ ᠪᠠ ᠬᠤᠪᠢ ᠬᠦᠮᠦᠨ ᠤ ᠡᠯ᠎ᠠ ᠲᠦᠷᠦᠯ ᠤᠨ ᠢᠷᠠᠭᠤ ᠠᠯᠳᠠᠷ ᠤᠨ ᠴᠤᠯᠨ ᠤᠯᠭᠤᠬᠤ ᠶᠢ ᠬᠢᠨᠠᠨ ᠲᠤᠭᠳᠠᠭᠠᠨ᠎ᠠ︔    ︵ᠲᠠᠪᠤ︶ ᠵᠠᠰᠠᠭ ᠤᠨ ᠶᠠᠪᠤᠳᠠᠯ ᠢ ᠢᠯᠨ ᠪᠤᠯᠭᠠᠬᠤ ᠲᠡᠷᠢᠭᠦᠨ ᠤ ᠵᠢᠱᠢᠶ᠎ᠠ ᠦᠵᠡᠭᠦᠯᠬᠦ ᠨᠢᠭᠡᠴᠠ ᠶᠢ ᠡᠭᠦᠳᠤᠨ ᠪᠠᠶᠢᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠠ︔    ︵ᠵᠢᠷᠭᠤᠭ᠎ᠠ︶ ᠡᠯ᠎ᠠ ᠭᠠᠵᠠᠷ ᠤᠷᠤᠨ  ᠪᠠ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ ᠨᠢᠭᠡᠴᠠ ᠶᠢᠨ ᠠᠵᠢᠯ ᠤᠨ ᠬᠠᠷᠠᠯᠳᠠ ᠪᠠᠨ ᠪᠡᠶᠡᠯᠡᠬᠦᠯᠦᠭᠰᠡᠨ ᠪᠠᠶᠢᠳᠠᠯ ᠢ  ᠬᠢᠨᠠᠨ ᠰᠢᠯᠭᠠᠨ᠎ᠠ︔   ︵ᠲᠤᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠭ᠎ᠠ ᠨᠢᠭᠡᠴᠠ ᠶᠢᠨ ᠵᠠᠰᠠᠭ ᠤᠨ ᠶᠠᠪᠤᠳᠠᠯ ᠢ ᠢᠯᠨ ᠪᠤᠯᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠦᠢᠴᠠᠳᠭᠡᠬᠦ ᠦᠢᠯᠡᠳᠦᠯ ᠢᠶᠠᠨ ᠪᠠᠳᠠᠷᠠᠭᠤᠯᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔   ︵ᠨᠠᠢᠮᠨ︶ ᠤᠳᠤᠷᠢᠳᠬᠤ ᠲᠤᠭᠤᠶᠢᠯᠠᠩ ᠤᠨ ᠶᠠᠷᠢᠯᠴᠠᠨ ᠲᠤᠭᠳᠠᠭᠠᠬᠤ ᠴᠢᠬᠤᠯᠠᠳᠠᠢ ᠪᠤᠰᠤᠤᠨ ᠭᠡᠷᠡᠭ ᠤᠳ ᠢ ᠰᠤᠳᠤᠯᠤᠨ ᠲᠤᠭᠳᠠᠭᠠᠨ᠎ᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ