ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ︽ᠭᠤᠷᠪᠠᠨ ᠵᠢᠯ ᠤᠨ ᠠᠵᠢᠯᠯᠠᠭ᠎ᠠ︾ ᠶᠢᠨ ᠰᠢᠪᠲᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/28
    ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠦᠦᠱᠯᠠᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 4 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ︽ᠭᠤᠷᠪᠠᠨ ᠵᠢᠯ ᠤᠨ ᠠᠵᠢᠯᠯᠠᠭ᠎ᠠ︾ ᠶᠢᠨ ᠰᠢᠪᠲᠤᠯᠤᠯᠲᠠ ᠵᠢᠴᠢ ᠠᠶᠤᠯᠭᠦᠢ ᠦᠢᠯᠡᠳᠪᠦᠷᠢᠯᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠤ ᠪᠥᠬᠦ ᠬᠤᠰᠢᠭᠤᠨ ᠤ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠶᠢᠨ ᠠᠵᠢᠯ᠂ ᠬᠢᠨᠠᠨ ᠬᠠᠮᠢᠶᠠᠷᠬᠤ ᠨᠢᠭᠡᠴᠡ ᠵᠢᠴᠢ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠠᠵᠢᠯᠲᠠᠨ ᠨᠡᠶᠢᠲᠡ 43 ᠬᠥᠮᠥᠨ ᠣᠷᠣᠯᠴᠠᠵᠠᠢ᠃    ᠬᠤᠷᠠᠯ ᠳᠡᠭᠡᠷ᠎ᠡ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠸᠧᠢ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ ᠪᠣᠯ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠮᠢᠨ ᠰᠤᠳᠠᠰᠤ ᠮᠥᠨ᠂ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ︽ᠭᠤᠷᠪᠠᠨ ᠵᠢᠯ ᠤᠨ ᠠᠵᠢᠯᠯᠠᠭ᠎ᠠ︾ ᠶᠢᠨ ᠰᠢᠪᠲᠣᠯᠣᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠢᠯᠠᠩᠭᠤᠶ᠎ᠠ ᠠᠵᠢᠯ ᠢᠶᠠᠨ ᠰᠡᠷᠭᠦᠭᠡᠬᠦ ᠵᠠᠩᠭᠢᠯᠠᠭ᠎ᠠ ᠶᠢᠨ ᠦᠶ᠎ᠡ ᠳᠤ᠂ ᠨᠡᠩ ᠴᠤ ᠠᠮᠤᠷ ᠲᠦᠪᠰᠢᠨ ᠤ ᠠᠵᠢᠯ  ᠢ ᠡᠷᠴᠢᠮᠵᠢᠭᠦᠯᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ  ᠪᠤᠲᠠᠲᠠᠶᠢᠵᠢᠭᠤᠯᠤᠨ᠎ᠠ᠂ ᠡᠭᠦᠨ ᠤ ᠬᠠᠮᠲᠤ᠂ ᠬᠤᠷᠠᠯ ᠳᠤ ᠣᠷᠣᠯᠴᠠᠭᠰᠠᠳ ᠲᠤ ᠬᠥᠯᠥᠨ ᠪᠤᠶᠢᠷ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ᠪᠦᠬᠦ ᠬᠤᠳᠠ ᠶᠢᠨ ᠭᠡᠷ ᠪᠠᠶᠢᠰᠢᠩ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠣᠯᠣᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾᠂ ︽ᠪᠠᠷᠢᠯᠭ᠎ᠠ ᠶᠢᠨ ᠠᠵᠢᠯ ᠤᠨ ᠮᠠᠲ᠋ᠧᠷᠢᠶᠠᠯ ᠤᠨ ᠠᠵᠢᠯᠲᠠᠨ ᠤ ᠬᠠᠮᠢᠶᠠᠷᠤᠯᠲᠠ ᠶᠢᠨ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠭᠦᠨ ᠤ ᠬᠠᠮᠲᠤ ︽ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠨᠤᠴᠢᠲᠠᠢ ᠠᠳᠡᠯ ᠤᠨ ᠳᠠᠯᠳᠠ ᠬᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ︵2024 ᠬᠡᠪᠯᠡᠯ︶︾ ᠶᠢ ᠨᠠᠷᠢᠨ ᠵᠠᠳᠠᠯᠵᠤ᠂ ᠰᠢᠨ᠎ᠡ ᠬᠠᠭᠤᠴᠢᠨ ᠬᠡᠪᠯᠡᠯ ᠤᠨ ᠵᠥᠷᠢᠶ᠎ᠡ ᠶᠢ ᠬᠠᠷᠢᠴᠠᠭᠤᠯᠬᠤ ᠪᠠᠷ ᠳᠠᠮᠵᠢᠭᠤᠯᠤᠨ᠂ ᠠᠶᠤᠯᠲᠠᠢ ᠲᠣᠮᠣ ᠪᠠᠷᠢᠯᠭ᠎ᠠ ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ︾ ᠵᠡᠷᠭᠡ ᠬᠦᠷᠢᠶ᠎ᠡ ᠴᠠᠷᠠᠭ᠎ᠠ ᠶᠢᠨ ᠮᠠᠭᠠᠳᠯᠠᠨ ᠲᠣᠭᠲᠠᠭᠠᠬᠤ ᠨᠠᠷᠢᠨ ᠳᠦᠷᠢᠮ ᠢ ᠭᠤᠣᠯᠳᠠᠯᠭ᠎ᠠ ᠲᠠᠢ ᠵᠠᠳᠠᠯᠤᠨ ᠰᠢᠨᠵᠢᠯᠡᠵᠦ᠂ ᠠᠵᠤ ᠠᠬᠤᠶᠢᠯᠠᠯ ᠤᠨ ᠳᠠᠯᠳᠠ ᠬᠡᠮ ᠢ ᠣᠨᠣᠪᠴᠢᠲᠠᠶ ᠢᠯᠭᠠᠨ ᠲᠠᠨᠢᠬᠤ ᠲᠠᠯ᠎ᠠ ᠪᠠᠷ ᠵᠢᠭᠠᠨ ᠵᠢᠯᠤᠭᠤᠳᠪᠠ᠃ ᠬᠤᠷᠠᠯ ᠠᠴᠠ ᠪᠠᠰᠠ ᠠᠵᠢᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ᠭᠤᠣᠯᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠡᠭᠦᠨ ᠳᠤ ᠪᠠᠷᠢᠯᠭ᠎ᠠ ᠶᠢᠨ ᠲᠤᠬᠠᠢ ᠶᠢᠨ ᠭᠠᠵᠠᠷ ᠲᠤ ᠲᠦᠷ ᠴᠠᠭ ᠴᠠᠬᠢᠯᠭᠠᠨ ᠬᠡᠷᠡᠭᠯᠡᠬᠦ᠂  ᠪᠠᠷᠢᠯᠭ᠎ᠠ ᠶᠢᠨ ᠰᠠᠭᠤᠷᠢ ᠶᠢᠨ ᠨᠦᠬᠡ᠂ ᠥᠨᠳᠥᠷ ᠲᠤᠯᠭᠠᠭᠤᠷᠢ ᠶᠢᠨ ᠵᠠᠭᠪᠤᠷ᠂ ᠪᠠᠷᠢᠯᠭ᠎ᠠ ᠶᠢᠨ ᠡᠷᠭᠦᠭᠦᠯ ᠮᠠᠰᠢᠨ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠭᠡᠮ ᠰᠣᠭᠤᠭ ᠢ ᠪᠠᠶᠢᠴᠠᠭᠠᠬᠤ ᠪᠠ ᠵᠠᠰᠠᠬᠤ ᠶᠢ ᠪᠠᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠣᠰᠣᠯ ᠠᠳᠡᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ  ᠬᠤᠪᠢᠶᠠᠯᠴᠠᠵᠤ᠂ ᠦᠨᠡᠨ ᠪᠣᠳᠠᠲᠠᠢ ᠬᠠᠷᠠᠰᠠᠯᠲᠤ ᠰᠤᠷᠭᠠᠮᠵᠢ ᠪᠠᠷ ᠡᠯ᠎ᠡ ᠲᠠᠯ᠎ᠠ ᠶᠢᠨ ᠬᠢᠨ ᠳᠤ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢ ᠰᠡᠷᠡᠮᠵᠢᠯᠡᠭᠦᠯᠵᠦ᠂ ᠬᠤᠷᠠᠯ ᠳᠤ ᠣᠷᠣᠯᠴᠠᠭᠰᠠᠳ ᠤᠨ ᠬᠠᠤᠯᠢᠵᠢᠯ ᠤᠨ ᠤᠬᠠᠮᠰᠠᠷ ᠢ ᠨᠡᠩ ᠴᠢᠩᠭᠠᠳᠬᠠᠵᠤ᠂ ᠡᠷᠡᠰᠳᠡᠯ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠬᠠᠨᠳᠤᠯᠭᠠᠲᠤ ᠴᠢᠨᠠᠷ ᠢᠶᠠᠷ ᠴᠢᠩᠭ᠎ᠠ᠂ ᠬᠡᠷᠡᠭᠯᠡᠭᠡᠨ ᠤ ᠴᠢᠨᠠᠷ ᠢᠶᠠᠷ ᠥᠨᠳᠥᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ  ︽ᠭᠤᠷᠪᠠᠨ ᠵᠢᠯ ᠤᠨ ᠠᠵᠢᠯᠯᠠᠭ᠎ᠠ︾ ᠶᠢᠨ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠪᠥᠭᠡᠳ ᠠᠶᠤᠯᠭᠦᠢ ᠦᠢᠯᠡᠳᠪᠦᠷᠢᠯᠡᠯ ᠤᠨ ᠠᠵᠢᠯ ᠢ ᠡᠬᠢᠯᠡᠭᠦᠯᠦᠨ ᠰᠡᠷᠭᠦᠭᠡᠬᠦ ᠠᠵᠢᠯ ᠢ ᠰᠠᠶᠢᠲᠤᠷ ᠬᠢᠬᠦ ᠰᠡᠳᠬᠢᠮᠵᠢ᠂ ᠴᠢᠭᠯᠡᠯ ᠢ ᠲᠣᠳᠣᠷᠬᠠᠢ ᠪᠣᠯᠭᠠᠭᠰᠠᠨ ᠪᠠᠶᠢᠨ᠎ᠠ ᠭᠡᠵᠡᠢ᠃ ᠵᠠᠯᠭᠠᠭᠠᠳ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠦᠷᠭᠦᠯᠵᠢᠯᠡᠨ ᠮᠥᠷᠳᠡᠵᠦ᠂ ᠮᠠᠨ ᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ