ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠲᠤᠷᠰᠢᠯᠲᠠ ᠶᠢᠨ | ᠴᠢᠭ ᠤᠨ ᠭᠠᠴᠠᠭ᠎ᠠ ᠶᠢᠨ ᠠᠵᠢᠯ ᠢ ᠪᠥᠬᠦ ᠬᠦᠴᠦᠨ ᠢᠶᠠᠷ ᠲᠦᠯᠬᠢᠨ ᠠᠬᠢᠭᠤᠯᠬᠤ ᠶᠢᠨ ᠲᠥᠯᠥᠭᠡ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ | ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠦᠢᠯᠡᠴᠢᠯᠡᠭᠡᠨ ᠤ ᠤᠷ᠎ᠠ ᠴᠢᠳᠠᠪᠤᠷᠢ ᠶᠢ ᠴᠢᠩᠭᠠᠷᠠᠭᠤᠯᠵᠤ᠂ ᠠᠵᠢᠯᠯᠠᠵᠤ ᠪᠠᠶᠢᠭ᠎ᠠ ᠬᠥᠮᠥᠰ ᠤᠨ ᠬᠠᠮᠢᠶᠠᠷᠤᠯᠲᠠ | ᠦᠢᠯᠡᠴᠢᠯᠡᠭᠡᠨ ᠤ ᠬᠢᠷᠢ ᠬᠡᠮᠵᠢᠶ᠎ᠡ ᠪᠠ ᠦᠢᠯᠡᠴᠢᠯᠡᠭᠡᠨ ᠤ ᠤᠷ᠎ᠠ ᠮᠡᠷᠭᠡᠵᠢᠯ ᠢ ᠳᠡᠭᠡᠭᠰᠢᠯᠡᠭᠦᠯᠦᠨ᠎ᠡ᠃ 4 ᠰᠠᠷ᠎ᠠ ᠶᠢᠨ 24 ᠤ ᠡᠳᠦᠷ᠂ ᠡᠸᠡᠩᠬᠢ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ 2025 ᠣᠨ ᠤ ᠬᠥᠳᠡᠭᠡ ᠲᠣᠰᠬᠤᠨ ᠤ | ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠭᠢᠯᠡᠪᠡ᠃ ᠲᠣᠰ | ᠤᠳᠠᠭᠠᠨ ᠤ ᠪᠣᠯᠪᠠᠰᠤᠷᠠᠭᠤᠯᠤᠯ ᠳᠤ᠂ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠥᠯᠥᠨ ᠪᠤᠶᠢᠷ ᠳᠡᠭᠡᠳᠦ | ᠰᠤᠷᠭᠠᠭᠤᠯᠢ ᠶᠢᠨ ᠭᠠᠵᠠᠷ ᠵᠦᠢ ᠪᠠ ᠲᠡᠦᠬᠡ ᠰᠣᠶᠣᠯ ᠤᠨ ᠳᠡᠭᠡᠳᠦ ᠰᠤᠷᠭᠠᠭᠤᠯᠢ ᠶᠢᠨ ᠶᠠᠵᠢ ᠫᠷᠤᠹᠧᠰᠰᠤᠷ ᠢ ᠲᠤᠰᠬᠠᠶᠢᠯᠠᠨ ᠤᠷᠢᠵᠤ ᠭᠤᠣᠯᠯᠠᠨ ᠬᠢᠴᠢᠶᠡᠯᠯᠡᠪᠡ᠂ | ᠮᠠᠨ ᠤ ᠬᠤᠰᠢᠭᠤᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠲᠤᠷᠰᠢᠯᠲᠠ ᠶᠢᠨ ᠴᠢᠭ ᠤᠨ ᠭᠠᠴᠠᠭᠠᠨ ᠤ ᠵᠥᠪᠯᠡᠯ᠂ ᠲᠤᠷᠰᠢᠯᠲᠠ ᠶᠢᠨ | ᠴᠢᠭ ᠪᠣᠯᠬᠤ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ᠂ ᠡᠯ᠎ᠡ ᠰᠤᠮᠤ ᠰᠢᠶᠠᠩ ᠪᠠᠯᠭᠠᠰᠤ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ | ᠂ ᠡᠯ᠎ᠡ ᠰᠤᠮᠤ ᠰᠢᠶᠠᠩ ᠪᠠᠯᠭᠠᠰᠤ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠶ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃ | ᠪᠣᠯᠪᠠᠰᠤᠷᠠᠯ ᠨᠢ ᠵᠢᠭᠤᠯᠴᠢᠯᠠᠯ ᠤᠨ ᠵᠠᠬ᠎ᠠ ᠳᠡᠯᠭᠡᠭᠦᠷ ᠢ ᠵᠢᠷᠤᠮᠵᠢᠭᠤᠯᠬᠤ ᠶᠢᠨ ᠲᠣᠭᠤᠷᠢᠨ ᠳᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠪᠠ | ᠬᠤᠷᠠᠯ ᠳᠤ ᠣᠷᠣᠯᠴᠠᠭᠰᠠᠨᠰᠣᠶᠣᠯ ᠵᠢᠭᠤᠯᠴᠢᠯᠠᠯ ᠤᠨ ᠬᠢᠨ ᠵᠢᠭᠠᠨ ᠵᠢᠯᠣᠭᠤᠳᠴᠦ᠂ ᠤᠳᠠᠯ ᠦᠭᠡᠢ ᠬᠦᠷᠴᠦ ᠢᠷᠡᠬᠦ ︽5·1︾ ᠤ ᠠᠮᠠᠷᠠᠯᠲᠠ ᠶᠢᠨ | ᠬᠤᠭᠤᠴᠠᠭᠠᠨ ᠳᠤ ᠪᠠ ᠬᠠᠪᠤᠷ ᠵᠤᠨ ᠤ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠳᠤ᠂ ᠬᠠᠤᠯᠢ ᠰᠠᠬᠢᠯᠭ᠎ᠠ᠂ ᠢᠲᠡᠭᠡᠮᠵᠢ᠂ ᠠᠮᠤᠷ ᠲᠦᠪᠰᠢᠨ᠂ ᠪᠣᠯᠪᠠᠰᠤᠨ᠂ | ᠰᠣᠶᠣᠯ ᠵᠡᠷᠭᠡ ᠲᠠᠪᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢ | ᠵᠢᠭᠤᠯᠴᠢᠯᠠᠯ ᠤᠨ ᠡᠵᠡᠩᠨᠡᠯᠲᠡ ᠶᠢᠨ ᠭᠤᠣᠯ ᠱᠤᠭᠤᠮ ᠪᠣᠯᠭᠠᠵᠤ᠂ ᠦᠢᠯᠡᠴᠢᠯᠡᠭᠡᠨ ᠤ ᠪᠦᠬᠦ ᠶᠠᠪᠤᠴᠠ ᠳᠤ ᠲᠤᠤᠱᠯᠠᠭᠤᠯᠵᠤ᠂ ᠤᠮᠠᠷᠠᠲᠤ ᠶᠢᠨ ᠰᠣᠶᠣᠯ ᠤᠨ | ᠠᠭᠤᠯᠬᠤᠨ ᠢ ᠭᠦᠨᠵᠡᠭᠡᠢ ᠠᠭᠤᠳᠠᠯᠬᠤ ᠬᠡᠷᠡᠭᠲᠡᠢ ᠭᠡᠵᠦ ᠱᠠᠭᠠᠷᠳᠠᠪᠠ᠃ ᠵᠢᠭᠤᠯᠴᠢᠯᠠᠭᠴᠢᠳ ᠲᠤ ᠬᠠᠭᠤᠷᠮᠠᠭ ᠪᠠ ᠮᠠᠭᠤ ᠲᠠᠸᠠᠷ ᠬᠤᠳᠠᠯᠳᠤᠨ ᠥᠭᠬᠦ᠂ ᠮᠠᠭᠤ ᠪᠠᠷ | ᠰᠠᠶᠢᠨ ᠢ ᠣᠷᠣᠯᠠᠭᠤᠯᠬᠤ᠂ ᠬᠠᠭᠤᠷᠤᠨ ᠮᠡᠬᠡᠯᠡᠵᠦ ᠬᠡᠷᠡᠭᠯᠡᠭᠡ ᠶᠢ ᠪᠤᠷᠤᠭᠤ ᠪᠠᠷ ᠵᠢᠯᠤᠭᠤᠳᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠠᠮᠤᠷ ᠲᠦᠪᠰᠢᠨ ᠤ | ᠳᠠᠯᠳᠠ ᠬᠡᠮ ᠣᠷᠣᠰᠢᠬᠤ ᠪᠣᠯᠣᠮᠵᠢᠲᠠᠢ ᠶᠠᠮᠠᠷᠪᠠ ᠲᠥᠷᠥᠯ ᠵᠦᠢᠯ ᠪᠠ ᠥᠢᠯᠡᠴᠢᠯᠡᠭᠡ ᠬᠢᠵᠦ ᠪᠣᠯᠬᠤ ᠦᠭᠡᠢ᠃ | ᠶᠠᠵᠢ ᠫᠷᠤᠹᠥᠰᠰᠤᠷ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠪᠣᠳᠠᠲᠤ | ᠪᠠᠶᠢᠳᠠᠯ ᠳᠤ ᠰᠠᠭᠤᠷᠢᠯᠠᠵᠤ᠂ ᠰᠤᠷᠤᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠲᠤᠰᠬᠠᠢ ᠰᠡᠳᠦᠪᠲᠦ ᠬᠢᠴᠢᠶᠡᠯᠯᠡᠭᠡ ᠬᠢᠭᠰᠡᠨ ᠪᠠᠶᠢᠨ᠎ᠠ᠃ ᠲᠡᠷᠡ ᠠᠮᠵᠢᠯᠲᠠ | ᠣᠯᠣᠭᠰᠠᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢᠨ ᠲᠠᠰ ᠳᠡᠪᠰᠢᠬᠦ ᠠᠷᠭ᠎ᠠ ᠵᠠᠮ ᠤᠨ | ᠲᠠᠯ᠎ᠠ ᠪᠠᠷ ᠭᠦᠨᠵᠡᠭᠡᠢ ᠵᠠᠳᠠᠯᠤᠨ ᠰᠡᠳᠭᠢᠭᠦᠯᠪᠡ᠂ ᠰᠤᠷᠤᠭᠴᠢᠳ ᠤᠨ ᠬᠠᠮᠤᠭ ᠠᠴᠠ ᠠᠩᠬᠠᠷᠴᠤ ᠪᠠᠶᠢᠭ᠎ᠠ ᠵᠣᠴᠢᠳ ᠤᠨ ᠢᠷᠡᠯᠲᠡ ᠶᠢᠨ ᠠᠰᠠᠭᠤᠳᠠᠯ ᠳᠤ ᠴᠢᠭᠯᠡᠭᠦᠯᠦᠨ | ᠂ ᠶᠠᠵᠢ ᠫᠷᠤᠹᠧᠰᠰᠤᠷ ᠠᠴᠠ ᠰᠡᠳᠭᠢᠬᠦᠢ ᠪᠠᠨ ᠦᠭᠡᠷᠡᠴᠢᠯᠡᠬᠦ ᠪᠠ ᠨᠤᠲᠤᠭ ᠤᠰᠤᠨ ᠳᠠᠭᠠᠨ ᠰᠠᠭᠤᠷᠢᠯᠠᠬᠤ ᠶᠢ ᠰᠠᠨᠠᠭᠤᠯᠵᠤ᠂ ᠰᠣᠷᠣᠯᠭᠠᠲᠠᠳ ᠤᠨ ᠢᠲᠡᠭᠡᠯ ᠵᠣᠷᠢᠭ | ᠢ ᠬᠥᠪᠴᠢᠯᠡᠵᠦ᠂ ᠬᠢᠴᠢᠶᠡᠯ ᠤᠨ ᠪᠥᠬᠦ ᠶᠠᠪᠤᠴᠠᠳᠦ ᠣᠨᠣᠯ ᠤᠨ ᠥᠨᠳᠥᠷᠴᠡ ᠲᠠᠢ ᠪᠤᠯᠤᠭᠰᠠᠨ ᠮᠥᠷᠲᠡᠭᠡᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ | ᠬᠥᠳᠡᠭᠡ ᠲᠣᠰᠬᠤᠨ ᠤ ᠵᠢᠭᠤᠯᠴᠢᠯᠠᠯ ᠢ ᠬᠥᠭᠵᠢᠭᠦᠯᠬᠦ ᠰᠡᠳᠭᠢᠬᠦᠢ ᠶᠢᠨ ᠰᠢᠨ᠎ᠡ ᠠᠷᠭ᠎ᠠ ᠵᠠᠮ ᠢ ᠣᠯᠠᠨ ᠳᠤ ᠨᠡᠭᠡᠭᠡᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠲᠤᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠭᠡᠷ ᠪᠦᠯᠢ ᠶᠢᠨ ᠮᠠᠯᠵᠢᠯ ᠤᠨ ᠲᠠᠯᠠᠪᠠᠶ ᠶᠢᠨ ︽5.1︾ ᠤ | ᠬᠤᠭᠤᠴᠠᠭᠠᠨ ᠳᠠᠬᠢ ᠬᠠᠪᠤᠷ ᠤᠨ ᠤᠯᠠᠷᠢᠯ ᠤᠨ ︽ᠢᠮᠨᠡᠬᠦ︾ ᠮᠠᠯᠴᠢᠳ ᠤᠨ ᠡᠯᠪᠡᠭ ᠬᠤᠷᠢᠶᠠᠯᠲᠠ ᠶᠢᠨ ᠴᠤᠭᠯᠠᠭᠠᠨ ᠤ ᠠᠵᠢᠯᠯᠠᠭ᠎ᠠ ᠶᠢ ᠬᠠᠪᠰᠤᠷᠤᠨ | ᠵᠢᠯᠤᠭᠤᠳᠬᠤ ᠶᠢᠨ ᠬᠠᠮᠲᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠲᠤᠷᠰᠢᠯᠲᠠ ᠶᠢᠨ ᠴᠢᠭ᠋ ᠤᠨ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠵᠢᠭᠤᠯᠴᠢᠯᠠᠯ ᠤᠨ ᠰᠠᠶᠢᠨ ᠰᠠᠶᠢᠬᠠᠨ ᠳᠦᠷᠢ ᠲᠥᠷᠬᠦ ᠶᠢ ᠳᠡᠯᠭᠡᠨ | ᠦᠵᠡᠭᠦᠯᠵᠦ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ |