ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠶᠢᠨ ᠠᠩᠬᠠᠨ ᠤ ᠦᠵᠡᠭᠦᠯᠦᠯᠭᠡ ︽ᠶᠡᠭᠡ ᠲᠢᠩᠬᠢᠮ ᠤᠨ ᠡᠭᠦᠯᠡᠨ ᠵᠣᠷᠴᠢᠯ︾
ᠨᠡᠶᠢᠲᠡᠯᠡᠭᠰᠡᠨ ᠴᠠᠭ᠄
2025/4/3
     ᠦᠢᠯᠡᠴᠢᠯᠡᠭᠡᠨ ᠤ ᠣᠯᠠᠨ ᠡᠰᠢᠵᠢᠯᠲᠡ ᠶᠢ ᠤᠯᠠᠮ ᠨᠢᠭᠡ ᠠᠯᠬᠤᠮ ᠪᠡᠶᠡᠯᠡᠭᠦᠯᠬᠦ ᠶᠢᠨ ᠲᠤᠰᠠᠳᠠ᠂ ᠥᠨᠳᠥᠷ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠤᠨ ᠬᠢᠨ ᠪᠠ ᠣᠯᠠᠨ ᠲᠦᠮᠡᠨ ᠭᠡᠷ ᠠᠴᠠ ᠪᠠᠨ ᠭᠠᠷᠣᠯ ᠦᠭᠡᠢ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠯ᠎ᠡ ᠣᠷᠣᠨ ᠪᠦᠰᠡ ᠵᠢᠴᠢ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠡᠰ ᠳᠠᠷᠠᠭᠠᠯᠠᠯ ᠢ ᠤᠶᠢᠯᠠᠭᠠᠬᠤ ᠪᠣᠯᠭᠠᠨ᠎ᠠ᠃ 3 ᠰᠠᠷ᠎ᠠ ᠶᠢᠨ 27 ᠤ ᠡᠳᠦᠷ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠩᠬ᠎ᠠ ᠤᠳᠠᠭ᠎ᠠ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠬᠢᠵᠦ᠂ ︽ᠡᠭᠦᠯᠡᠨ ᠵᠣᠷᠴᠢᠯ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠰᠢᠨ᠎ᠡ ᠵᠠᠭᠪᠤᠷ ᠢ ᠨᠡᠭᠡᠭᠡᠪᠡ᠃
20250403-1.png
20250403-1-2.png
     ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠪᠡᠶᠡᠴᠢ ᠬᠠᠷᠠᠭᠠᠰᠤ ᠪᠠᠷ ᠤᠯᠠᠨ ᠲᠦᠮᠡᠨ ᠢ ᠳᠠᠭᠠᠭᠤᠯᠤᠨ ᠰᠦᠯᠵᠢᠶ᠎ᠡ ᠪᠠᠷ ᠵᠠᠰᠠᠭ ᠤᠨ ᠶᠠᠪᠤᠳᠠᠯ ᠤᠨ ᠶᠡᠭᠡ ᠲᠢᠩᠬᠢᠮ ᠢᠶᠠᠷ ᠵᠤᠷᠴᠢᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠰᠠᠭᠤᠨ ᠯᠠᠪᠯᠠᠬᠤ ᠵᠢᠯᠤᠭᠤᠳᠬᠤ ᠲᠠᠶᠢᠰᠠ ᠠᠴᠠ ᠡᠬᠢᠯᠡᠨ᠂ ᠶᠡᠷᠦᠩᠬᠡᠢ ᠬᠦᠯᠢᠶᠡᠨ ᠠᠪᠴᠤ ᠰᠢᠢᠳᠪᠦᠷᠢᠯᠡᠬᠦ ᠲᠣᠭᠤᠷᠢᠭ᠂ ᠬᠦᠷᠢᠶ᠎ᠡ ᠬᠡᠪᠴᠢᠶ᠎ᠡ ᠬᠤᠪᠢᠶᠠᠨ ᠥᠢᠯᠡᠴᠢᠯᠡᠬᠦ ᠶᠡᠷᠦᠩᠬᠡᠢ ᠴᠣᠩᠬᠤ᠂ 24 ᠴᠠᠭ ᠦᠪᠡᠷ ᠲᠤ ᠪᠠᠨ ᠥᠢᠯᠡᠴᠢᠯᠡᠬᠦ ᠲᠣᠭᠤᠷᠢᠭ ᠵᠡᠷᠭᠡ ᠶᠡᠭᠡ ᠲᠢᠩᠬᠢᠮ ᠤᠨ ᠳᠣᠲᠣᠭᠠᠳᠤ ᠣᠷᠴᠢᠨ ᠲᠣᠭᠤᠷᠢᠨ ᠵᠢᠴᠢ ᠲᠥᠬᠦᠭᠡᠷᠦᠮᠵᠢ ᠶᠢ ᠲᠣᠭᠤᠷᠢᠨ ᠦᠵᠡᠭᠦᠯᠬᠦ ᠶᠢᠨ ᠬᠠᠮᠳᠣ ᠤᠯᠠᠨ ᠲᠦᠮᠡᠨ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠢᠶ᠎ᠠ ᠪᠦᠬᠦᠢ ᠠᠵᠢᠯ ᠢ ᠥᠢᠯᠠᠭᠠᠭᠤᠯᠬᠤ ᠪᠠᠷ ᠴᠢᠷᠮᠠᠶᠢᠪᠠ᠃ ᠰᠢᠭᠤᠳ ᠨᠡᠪᠲᠡᠷᠡᠭᠦᠯᠭᠡ ᠶᠢᠨ ᠲᠠᠯ᠎ᠠ ᠪᠠᠷ᠂  ᠰᠦᠯᠵᠢᠶ᠎ᠡ ᠪᠠᠷ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ᠂ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠵᠡᠷᠭᠡ ᠲᠠᠯ᠎ᠠ ᠳᠤ ᠬᠤᠯᠪᠣᠭᠳᠠᠭᠰᠠᠨ ᠠᠰᠠᠭᠤᠯᠲᠠ ᠳᠤ ᠴᠢᠭᠯᠡᠭᠦᠯᠦᠨ᠂ ᠭᠤᠣᠯ ᠨᠡᠪᠲᠡᠷᠡᠭᠦᠯᠦᠭᠴᠢ ᠠᠴᠠ ᠬᠦᠯᠢᠴᠡᠩᠭᠦᠢ ᠪᠠᠷ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠦᠯᠵᠢᠶᠡᠨ ᠠᠨᠳᠠ ᠨᠠᠷ ᠲᠤ ᠲᠤᠰᠬᠠᠢ ᠮᠡᠷᠭᠡᠵᠢᠯ ᠤᠨ᠂ ᠣᠨᠣᠪᠴᠢᠲᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠠᠵᠢᠯ ᠶᠠᠪᠤᠳᠠᠯ ᠭᠦᠢᠴᠡᠳᠬᠡᠬᠦ ᠵᠢᠯᠣᠭᠤᠳᠤᠯᠭ᠎ᠠ ᠬᠠᠩᠭᠠᠨ᠎ᠠ᠃ ᠡᠭᠦᠨ ᠤ ᠬᠠᠮᠲᠤ ᠪᠠᠰᠠ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠣᠶᠢᠷ᠎ᠠ ᠶᠢᠨ ᠵᠢᠯ ᠳᠤ ᠬᠡᠷᠡᠭᠵᠢᠭᠦᠯᠦᠭᠰᠡᠨ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠪᠠ᠂ ᠵᠢᠱᠢᠶᠡᠯᠡᠪᠡᠯ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠦᠲᠦᠭᠡᠬᠦ︾᠂ ᠢᠯᠡᠭᠦᠦ ᠴᠠᠭ ᠤᠨ ᠦᠢᠯᠡᠴᠢᠯᠡᠭᠡ᠂ ᠤᠷᠢᠳᠴᠢᠯᠠᠨ ᠪᠣᠯᠵᠣᠬᠤ ᠦᠢᠯᠡᠴᠢᠯᠡᠭᠡ᠂ ᠣᠷᠣᠯᠠᠨ ᠭᠦᠢᠴᠡᠳᠬᠡᠬᠦ ᠦᠢᠯᠡᠴᠢᠯᠡᠭᠡ ᠵᠡᠷᠭᠡ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠢᠨ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠲᠦᠪᠡᠭᠲᠡᠢ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠪᠠ ᠠᠵᠤ ᠠᠬᠤᠶᠢᠯᠠᠯ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠮᠡᠳᠡᠷᠡᠬᠦᠢ ᠪᠠ ᠡᠷᠡᠮᠡᠯᠵᠡᠯ ᠢ ᠴᠠᠭ ᠲᠤᠬᠠᠢ ᠳᠤᠨᠢ ᠪᠥᠬᠦ ᠲᠠᠯ᠎ᠠ ᠪᠠᠷ ᠣᠶᠢᠯᠠᠭᠠᠵᠤ᠂ ᠵᠠᠰᠠᠭ ᠤᠨ ᠪᠣᠯᠣᠨ ᠠᠷᠠᠳ ᠢᠷᠭᠡᠳ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠂ ︽ᠮᠡᠳᠡᠭᠡ ᠵᠠᠩᠭᠢᠴᠢᠯᠲᠠ ᠪᠠ ᠲᠣᠭᠠᠴᠢᠯᠠᠯᠲᠠ ᠪᠠᠷ ᠠᠵᠢᠯ ᠤᠨ ᠪᠦᠲᠦᠮᠵᠢ ᠪᠠᠨ ᠳᠡᠭᠡᠭᠰᠢᠯᠡᠭᠦᠯᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠶᠢ ᠦᠨᠡᠨ ᠬᠦ  ᠭᠦᠢᠴᠡᠳᠭᠡᠨ᠎ᠡ᠃
20250403-1-3.png
     ᠲᠣᠰ ᠤᠳᠠᠭᠠᠨ ᠤ ᠰᠢᠭᠤᠳ ᠨᠡᠪᠲᠡᠷᠡᠭᠦᠯᠭᠡ ᠨᠢ ᠦᠵᠡᠭᠴᠢᠳ ᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠲᠤᠬᠠᠢ ᠪᠥᠬᠦ ᠲᠠᠯ᠎ᠠ ᠶᠢᠨ ᠣᠶᠢᠯᠠᠭᠠᠯᠲᠠ ᠲᠠᠢ ᠪᠣᠯᠭᠠᠭᠰᠠᠨ ᠢᠶᠠᠷ ᠪᠠᠷᠠᠬᠤ ᠦᠭᠡᠢ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠣᠯᠠᠨ ᠲᠦᠮᠡᠨ ᠤ ᠬᠤᠭᠤᠷᠣᠨᠳᠣᠬᠢ ᠬᠠᠷᠢᠯᠴᠠᠭ᠎ᠠ ᠪᠠ ᠦᠢᠯᠡᠳᠦᠯᠴᠡᠯ ᠢ ᠴᠦ ᠨᠡᠮᠡᠭᠳᠡᠭᠦᠯᠦᠭᠰᠡᠨ ᠪᠠᠶᠢᠨ᠎ᠠ᠃ ᠰᠢᠭᠤᠳ ᠨᠡᠪᠲᠡᠷᠡᠭᠦᠯᠭᠡ ᠪᠠᠷ ᠳᠡᠮᠵᠢᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠢᠯᠡ ᠲᠣᠳᠣ᠂ ᠨᠡᠭᠡᠭᠡᠯᠲᠡ ᠲᠠᠢ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠤᠬᠠᠢ ᠬᠠᠨᠤᠮᠵᠢ ᠶᠢᠨ ᠬᠡᠮᠵᠢᠶ᠎ᠡ ᠶᠢ ᠴᠦ ᠤᠯᠠᠮ ᠨᠢᠭᠡ ᠠᠯᠬᠤᠮ ᠳᠡᠭᠡᠭᠰᠢᠯᠡᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠬᠠᠶᠢᠨ ᠰᠦᠪᠡᠭᠴᠢᠯᠡᠬᠦ ᠪᠠ ᠥᠢᠯᠡᠴᠢᠯᠡᠭᠡᠨ ᠤ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠬᠦ᠂ ᠰᠢᠨ᠎ᠡ ᠵᠠᠭᠤᠴᠢᠯᠠᠭᠤᠷ᠂ ᠣᠬᠤᠷ ᠫᠢᠯᠢᠮ ᠤᠨ ᠬᠠᠷᠢᠯᠴᠠᠨ ᠦᠢᠯᠡᠳᠦᠯᠴᠡᠬᠦ ᠴᠢᠨᠠᠷ ᠪᠠ ᠥᠷᠭᠡᠨ ᠢᠶᠠᠷ ᠳᠡᠯᠭᠡᠷᠡᠭᠦᠯᠦᠨ ᠦᠷᠭᠡᠳᠭᠡᠬᠦ ᠵᠡᠷᠭᠡ ᠣᠨᠴᠠᠯᠢᠭ ᠢ ᠭᠦᠢᠴᠡᠳ ᠠᠰᠢᠭᠯᠠᠨ᠎ᠠ᠃     ᠠᠷᠠᠳ ᠬᠤᠭᠤᠷᠣᠨᠳᠣ ᠪᠠᠨ ᠬᠠᠷᠢᠯᠴᠠᠨ ᠬᠥᠳᠡᠯᠦᠯᠴᠡᠬᠦ ᠠᠷᠭ᠎ᠠ ᠵᠠᠮ ᠪᠣᠯᠬᠤ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ  ᠶᠢ ᠦᠢᠯᠡᠴᠢᠯᠡᠭᠡ  ᠪᠠᠨ ᠨᠠᠶᠢᠳᠠᠪᠤᠷᠢᠵᠢᠭᠤᠯᠬᠤ ᠰᠢᠨ᠎ᠡ ᠴᠣᠩᠬᠤ ᠪᠣᠯᠭᠠᠵᠤ᠂ ᠴᠢᠨᠠᠷ ᠴᠢᠨᠰᠠᠭ᠎ᠠ ᠲᠠᠢ᠂ ᠬᠠᠯᠠᠮᠵᠢ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ 
ᠢᠷᠡᠯᠲᠡ᠄ ᠡᠸ᠋ᠨᠩᠬᠢ ᠬᠤᠰᠢᠭᠤᠨ ᠤ ᠵᠠᠰᠠᠭ ᠤᠨ ᠣᠷᠳᠣᠨ