ᠮᠠᠨ ᠤ ᠣᠷᠣᠨ ᠥᠪᠡᠷ ᠲᠡᠭᠡᠨ ᠰᠤᠷᠴᠤ ᠰᠢᠯᠭᠠᠭᠤᠯᠤᠭᠰᠠᠳ ᠤᠨ ᠰᠢᠯᠭᠠᠯᠲᠠ ᠶᠢᠨ ᠲᠣᠭᠤᠷᠢᠭ ᠢ ᠨᠡᠮᠡᠵᠦ ᠲᠣᠬᠢᠷᠠᠭᠤᠯᠪᠠ
ᠨᠡᠶᠢᠲᠡᠯᠡᠭᠰᠡᠨ ᠴᠠᠭ᠄
2025/4/9
       ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ  2025 ᠣᠨ ᠤ ᠳᠡᠭᠡᠷ᠎ᠡ ᠬᠠᠭᠠᠰ ᠵᠢᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠲᠡᠭᠡᠨ ᠰᠤᠷᠴᠤ ᠰᠢᠯᠭᠠᠭᠤᠯᠤᠭᠰᠠᠳ ᠤᠨ ᠰᠦᠯᠵᠢᠶᠡᠨ ᠳᠡᠭᠡᠷ᠎ᠡ  ᠨᠡᠷ᠎ᠡ ᠮᠡᠳᠡᠭᠦᠯᠬᠦ ᠠᠵᠢᠯ 3 ᠰᠠᠷ᠎ᠠ ᠶᠢᠨ 3᠎ ᠤ ᠡᠳᠦᠷ ᠠᠴᠠ 3 ᠰᠠᠷ᠎ᠠ ᠶᠢᠨ 7᠎ ᠤ ᠡᠳᠦᠷ ᠪᠤᠯᠳᠠᠯ᠎ᠠ ᠶᠠᠪᠤᠭᠳᠠᠨ᠎ᠠ᠃ ᠥᠷᠭᠡᠨ ᠤᠯᠠᠨ ᠰᠢᠯᠭᠠᠭᠤᠯᠤᠭᠰᠠᠳ ᠲᠤ ᠨᠡᠩ  ᠰᠠᠶᠢᠲᠤᠷ ᠦᠢᠯᠡᠴᠢᠯᠡᠬᠦ ᠶᠢᠨ ᠲᠥᠯᠥᠭᠡ ᠪᠤᠭᠤᠲᠤ ᠬᠤᠳᠠ ᠪᠣᠯᠣᠨ ᠤᠯᠠᠭᠠᠨᠬᠠᠳᠠ ᠬᠤᠳᠠ ᠳᠤ ᠬᠤᠶᠠᠷ ᠰᠢᠯᠭᠠᠯᠲᠠ ᠶᠢᠨ ᠲᠣᠭᠤᠷᠢᠭ ᠢ ᠰᠢᠨ᠎ᠡ ᠪᠠᠷ ᠨᠡᠮᠡᠭᠰᠡᠨ  ᠪᠠᠶᠢᠨ᠎ᠠ᠃        ᠲᠣᠰ ᠤᠳᠠᠭᠠᠨ ᠤ ᠲᠣᠬᠢᠷᠠᠭᠤᠯᠤᠯᠲᠠ ᠪᠠᠷ ᠪᠦᠭᠦ ᠣᠷᠣᠨ ᠤ ᠥᠪᠡᠷ ᠲᠡᠭᠡᠨ ᠰᠤᠷᠴᠤ ᠰᠢᠯᠭᠠᠭᠤᠯᠤᠭᠰᠠᠳ ᠤᠨ ᠰᠢᠯᠭᠠᠯᠲᠠ ᠭᠦᠭᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠣᠷᠳᠣᠰ ᠬᠤᠲᠠ ᠪᠠ ᠬᠢᠩᠭᠠᠨ ᠠᠶᠢᠮᠠᠭ ᠵᠡᠷᠭᠡ 6 ᠠᠶᠢᠮᠠᠭ ᠬᠤᠲᠠ ᠳᠤ ᠶᠠᠪᠤᠭᠳᠠᠬᠤ ᠪᠣᠯᠣᠨ᠎ᠠ᠃        ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠤᠬᠠᠭᠠᠨ ︵ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠤ︶᠎ ᠤ ᠲᠤᠰᠬᠠᠢ ᠮᠡᠷᠭᠡᠵᠢᠯ ᠪᠣᠯ  ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠨᠠᠶᠢᠳᠠᠯᠭ᠎ᠠ ᠪᠠᠷ ᠰᠢᠯᠭᠠᠭᠤᠯᠬᠤ ᠲᠤᠰᠬᠠᠢ ᠮᠡᠷᠭᠡᠵᠢᠯ ᠪᠣᠯᠣᠨ᠎ᠠ᠂ ᠨᠡᠶᠢᠭᠡᠮ ᠤᠨ  ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠶᠢ ᠭᠥᠯᠢᠶᠡᠨ ᠠᠪᠬᠤ ᠦᠭᠡᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ  ᠤᠷᠢᠳᠴᠢᠯᠠᠨ ᠨᠡᠷ᠎ᠡ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ  ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠬᠠᠷᠭᠤᠭᠤᠯᠤᠨ᠎ᠠ᠃  ᠰᠢᠯᠭᠠᠭᠤᠯᠤᠭᠰᠠᠳ 2 ᠰᠠᠷ᠎ᠠ ᠶᠢᠨ 24᠎ ᠤ 9 ᠴᠠᠭ ᠠᠴᠠ 2 ᠰᠠᠷ᠎ᠠ ᠶᠢᠨ 26᠎ ᠤ 17 ᠴᠠᠭ ᠪᠤᠯᠲᠠᠯ᠎ᠠ ᠨᠡᠷ᠎ᠡ ᠮᠡᠳᠡᠭᠦᠯᠦᠭᠰᠡᠨ ᠪᠠᠶᠢᠨ᠎ᠠ᠃ ᠳᠣᠲᠣᠭᠠᠳᠤ ᠶᠢ  ᠬᠠᠮᠠᠭᠠᠯᠠᠬᠤ ᠬᠠᠮᠢᠶᠠᠷᠤᠯᠲᠠ ᠶᠢᠨ ᠤᠬᠠᠭᠠᠨ ︵ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠤ︶᠎ ᠤ ᠲᠤᠰᠬᠠᠢ ᠮᠡᠷᠭᠡᠵᠢᠯ ᠤᠨ ᠰᠢᠨ᠎ᠡ ᠰᠢᠯᠭᠠᠭᠤᠯᠤᠭᠴᠢ  ᠠᠩᠬ᠎ᠠ ᠤᠳᠠᠭ᠎ᠠ ᠨᠡᠷ᠎ᠡ ᠮᠡᠳᠡᠭᠦᠯᠪᠡᠯ ᠡᠷᠬᠡᠪᠰᠢ ᠡᠨᠡ ᠬᠤᠭᠤᠴᠠᠭᠠᠨ ᠳᠤ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠪᠠᠶᠢᠬᠤ ᠬᠡᠷᠡᠭᠲᠡᠢ᠃          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ