ᠮᠠᠨ ᠤ ᠣᠷᠣᠨ ᠤ ᠠᠩᠬᠠᠳᠠᠭᠴᠢ ︽ᠬᠢᠲᠠᠳ ᠬᠡᠯᠡᠨ ᠤ ᠦᠢᠯᠡᠳᠬᠡᠯ ᠤᠨ ᠭᠠᠵᠠᠷ︾ ᠮᠠᠳᠠᠭᠠᠰᠺᠠᠷ ᠲᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/4/9
       ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠪᠤᠭᠤᠲᠤ ᠶᠢᠨ ᠬᠥᠩᠭᠡᠨ ᠠᠵᠤ  ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠮᠠᠳᠠᠭᠠᠰᠺᠠᠷ ᠤᠨ ᠯᠦ ᠸᠠᠩ ᠢᠮᠠᠭᠠᠨ ᠨᠣᠣᠯᠣᠭᠤᠷ ᠤᠨ ᠬᠢᠵᠠᠭᠠᠷᠲᠤ ᠺᠤᠮᠫᠠᠨᠢ ᠶᠢᠨ  ᠬᠠᠮᠲᠤᠷᠠᠨ ᠪᠠᠶᠢᠭᠤᠯᠤᠭᠰᠠᠨ ︽ᠬᠢᠲᠠᠳ ᠬᠡᠯᠡᠨ ᠤ ᠦᠢᠯᠡᠳᠬᠡᠯ ᠤᠨ ᠭᠠᠵᠠᠷ︾ ᠮᠠᠳᠠᠭᠠᠰᠺᠠᠷ ᠤᠨ ᠨᠡᠶᠢᠰᠯᠡᠯ ᠲᠠᠨᠠᠨᠠᠷᠢᠹ ᠲᠤ  ᠫᠠᠶᠢᠰᠠ ᠰᠡᠬᠦᠪᠡ᠃ ᠡᠨᠡ ᠪᠣᠯ ᠮᠠᠨ ᠤ  ᠣᠷᠣᠨ ᠤ ᠠᠩᠬᠠᠳᠠᠭᠴᠢ ︽ᠬᠢᠲᠠᠳ ᠬᠡᠯᠡᠨ ᠤ ᠦᠢᠯᠡᠳᠬᠡᠯ ᠤᠨ ᠭᠠᠵᠠᠷ︾ ᠪᠣᠯᠣᠨ᠎ᠠ᠂ ᠪᠠᠰᠠ ᠴᠧ ᠮᠠᠳᠠᠭᠠᠰᠺᠠᠷ ᠲᠠᠬᠢ ᠠᠩᠬᠠᠳᠠᠭᠴᠢ ︽ᠬᠢᠲᠠᠳ ᠬᠡᠯᠡᠨ ᠤ  ᠦᠢᠯᠡᠳᠬᠡᠯ ᠤᠨ ᠭᠠᠵᠠᠷ︾ ᠪᠣᠯᠣᠨ᠎ᠠ᠃        ︽ᠬᠢᠲᠠᠳ ᠬᠡᠯᠡᠨ ᠤ ᠦᠢᠯᠡᠳᠬᠡᠯ ᠤᠨ ᠭᠠᠵᠠᠷ︾ ᠪᠣᠯ ᠰᠤᠷᠭᠠᠨ ᠬᠥᠮᠦᠵᠢᠯ ᠤᠨ ᠶᠠᠮᠤᠨ ᠤ ᠳᠤᠮᠳᠠᠳᠤ ᠭᠠᠳᠠᠭᠠᠳᠤ ᠶᠢᠨ ᠦᠭᠡ ᠬᠡᠯᠡᠨ ᠤ ᠰᠣᠯᠢᠯᠴᠠᠭ᠎ᠠ  ᠬᠠᠮᠲᠤᠷᠠᠯᠴᠠᠭᠠᠨ ᠤ ᠲᠥᠪ ᠤᠨ ︽ᠨᠢᠭᠡ ᠪᠦᠰᠡ ᠨᠢᠭᠡ ᠵᠠᠮ︾᠎ ᠤᠨ ᠰᠢᠨ᠎ᠡ ᠶᠢ ᠡᠭᠦᠳᠬᠦ ᠳᠤ ᠢᠳᠡᠪᠬᠢᠲᠡᠢ ᠦᠢᠯᠡᠴᠢᠯᠡᠬᠦ ᠶᠢᠨ ᠲᠥᠯᠥᠭᠡ ᠪᠠᠶᠢᠭᠤᠯᠤᠭᠰᠠᠨ ︽ᠬᠢᠲᠠᠳ  ᠭᠡᠯᠡ + ᠠᠵᠢᠯ ᠮᠡᠷᠭᠡᠵᠢᠯ ᠤᠨ ᠤᠷ᠎ᠠ ᠴᠢᠳᠠᠪᠤᠷᠢ︾᠎ ᠶᠢᠨ ᠰᠤᠷᠭᠠᠨ ᠬᠥᠮᠦᠵᠢᠯ ᠤᠨ ᠨᠡᠷᠡᠳᠦ ᠲᠥᠷᠥᠯ ᠵᠦᠢᠯ ᠪᠣᠯᠣᠨ᠎ᠠ᠃ ᠠᠵᠢᠯ ᠮᠡᠷᠭᠡᠵᠢᠯ ᠤᠨ ᠳᠡᠭᠡᠳᠦ  ᠰᠤᠷᠭᠠᠭᠤᠯᠢ ᠲᠠᠢ ᠭᠠᠷ ᠬᠤᠯᠪᠣᠯᠴᠠᠨ ᠭᠠᠳᠠᠭᠠᠳᠤ ᠳᠠᠬᠢ ᠳᠤᠮᠳᠠᠳᠤ ᠶᠢᠨ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠨᠠᠩ ᠣᠯᠠᠨ ︽ᠦᠭᠡ ᠭᠡᠯᠡ ᠮᠡᠳᠡᠳᠡᠭ᠂  ᠮᠡᠷᠭᠡᠵᠢᠯ ᠴᠢᠳᠠᠪᠤᠷᠢ ᠳᠤ ᠴᠠᠭᠠᠷᠠᠭᠰᠠᠨ᠂ ᠰᠣᠶᠣᠯ ᠳᠤ ᠨᠡᠪᠲᠡᠷᠡᠭᠰᠡᠨ︾ ᠬᠠᠮ ᠴᠢᠳᠠᠪᠤᠷᠢᠲᠠᠨ ᠢ ᠬᠥᠮᠥᠵᠢᠭᠦᠯᠵᠦ ᠥᠭᠬᠦ ᠪᠠᠷ ᠵᠣᠷᠢᠯᠭ᠎ᠠ ᠪᠣᠯᠭᠠᠵᠠᠢ᠃ ᠪᠤᠭᠤᠲᠤ ᠶᠢᠨ  ᠬᠥᠩᠭᠡᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠮᠠᠳᠠᠭᠠᠰᠺᠠᠷ ᠤᠨ ᠯᠦ ᠸᠠᠩ ᠢᠮᠠᠭᠠᠨ ᠨᠣᠣᠯᠣᠭᠤᠷ ᠤᠨ ᠬᠢᠵᠠᠭᠠᠷᠲᠤ  ᠺᠤᠮᠫᠠᠨᠢ ︽ᠬᠢᠲᠠᠳ ᠬᠡᠯᠡᠨ ᠤ ᠦᠢᠯᠡᠳᠬᠡᠯ ᠤᠨ ᠭᠠᠵᠠᠷ︾᠎ ᠢ ᠬᠠᠮᠲᠤ ᠪᠠᠷ ᠪᠠᠶᠢᠭᠤᠯᠵᠤ᠂ ᠲᠤᠬᠠᠢ ᠶᠢᠨ ᠭᠠᠵᠠᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ  ᠬᠦᠴᠦᠨ ᠨᠡᠮᠡᠷᠢᠯᠡᠬᠦ ᠳᠤ ᠤᠶᠤᠨ ᠤ ᠳᠡᠮᠵᠢᠯᠭᠡ ᠬᠠᠩᠭᠠᠬᠤ ᠪᠠᠷ ᠪᠠᠷᠠᠬᠤ ᠦᠭᠡᠢ ᠪᠠᠰᠠ ᠳᠤᠮᠳᠠᠳᠤ ᠮᠠᠳᠠᠭᠠᠰᠺᠠᠷ ᠤᠨ ᠨᠥᠭᠦᠷᠰᠡᠭ ᠬᠠᠮᠲᠤᠷᠠᠯᠴᠠᠭ᠎ᠠ ᠪᠣᠯᠣᠨ ᠰᠣᠶᠣᠯ  ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠬᠤ ᠪᠣᠯᠣᠨ᠎ᠠ᠃        ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ︽ᠬᠢᠲᠠᠳ ᠬᠡᠯᠡᠨ ᠤ  ᠦᠢᠯᠡᠳᠬᠡᠯ ᠤᠨ ᠭᠠᠵᠠᠷ︾᠎ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ ᠪᠦᠲᠦᠭᠡᠨ ᠪᠠᠶᠢᠭᠤᠯᠬᠤ ᠠᠵᠢᠯ ᠢ ᠦᠷᠭᠦᠯᠵᠢᠯᠡᠨ ᠵᠣᠷᠢᠭᠵᠢᠭᠤᠯᠤᠨ ᠳᠡᠮᠵᠢᠵᠦ᠂  ︽ᠬᠢᠲᠠᠳ ᠭᠡᠯᠡ + ᠠᠵᠢᠯ ᠮᠡᠷᠭᠡᠵᠢᠯ ᠤᠨ ᠤᠷ᠎ᠠ ᠴᠢᠳᠠᠪᠤᠷᠢ︾᠎ ᠶᠢᠨ ᠰᠤᠷᠭᠠᠨ ᠬᠥᠮᠦᠵᠢᠯ ᠢ ᠥᠷᠨᠢᠭᠦᠯᠬᠦ ᠪᠠᠷ ᠳᠠᠮᠵᠢᠨ ︽ᠠᠵᠢᠯ ᠮᠡᠷᠭᠡᠵᠢᠯ ᠤᠨ ᠰᠤᠷᠭᠠᠨ  ᠬᠥᠮᠦᠵᠢᠯ ᠤᠨ ᠭᠠᠷᠴᠤ ᠶᠠᠪᠤᠬᠤ︾᠎ ᠶᠢ ᠠᠬᠢᠭᠤᠯᠵᠤ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ︽ᠭᠠᠳᠠᠭᠰᠢ ᠭᠠᠷᠬᠤ︾ ᠦᠢᠯᠡᠴᠢᠯᠡᠭᠡ ᠪᠠᠷ ︽ᠨᠢᠭᠡ ᠪᠦᠰᠡ  ᠨᠢᠭᠡ ᠵᠠᠮ︾᠎ ᠤᠨ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠪᠤᠢ᠃          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ