ᠥᠪᠥᠷ ᠮᠣᠩᠭᠤᠯ ᠤᠨ ᠨᠡᠶᠢᠭᠡᠮ ᠤᠨ ᠠᠵᠢᠯ ᠤᠨ ᠳᠡᠭᠡᠳᠦ ᠰᠤᠷᠭᠠᠭᠤᠯᠢ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2025/4/9
       3 ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠥᠪᠥᠷ ᠮᠣᠩᠭᠤᠯ ᠤᠨ ᠶᠡᠭᠡ  ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠣᠭᠲᠠᠵᠤ᠂ ᠲᠤᠬᠠᠢ ᠶᠢᠨ ᠡᠳᠦᠷ ᠥᠪᠥᠷ ᠮᠣᠩᠭᠤᠯ ᠤᠨ  ᠨᠡᠶᠢᠭᠡᠮ ᠤᠨ ᠠᠵᠢᠯ ᠤᠨ ᠳᠡᠭᠡᠳᠦ ᠰᠤᠷᠭᠠᠭᠤᠯᠢ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠪᠠᠶᠢᠭᠤᠯᠤᠭᠳᠠᠪᠠ᠃        ᠣᠶᠢᠯᠠᠭᠠᠭᠰᠠᠨ ᠢᠶᠠᠷ᠂ ᠨᠡᠶᠢᠭᠡᠮ ᠤᠨ ᠠᠵᠢᠯ ᠤᠨ ᠳᠡᠭᠡᠳᠦ ᠰᠤᠷᠭᠠᠭᠤᠯᠢ ᠶᠢ ᠪᠠᠶᠢᠭᠤᠯᠤᠭᠰᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ  ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠧ ᠨᠡᠶᠢᠭᠡᠮ ᠤᠨ ᠠᠵᠢᠯ ᠤᠨ  ᠴᠢᠳᠠᠪᠤᠷᠢᠲᠠᠨ ᠢ ᠬᠥᠮᠥᠵᠢᠭᠦᠯᠬᠦ ᠴᠢᠬᠤᠯᠠ ᠠᠷᠭ᠎ᠠ ᠵᠠᠮ᠂ ᠨᠡᠶᠢᠭᠡᠮ ᠤᠨ ᠠᠵᠢᠯ ᠤᠨ ᠣᠨᠣᠯ ᠤᠨ ᠰᠤᠳᠤᠯᠭᠠᠨ ᠪᠠ ᠲᠠᠶᠢᠯᠪᠤᠷᠢᠯᠠᠯᠲᠠ ᠶᠢ ᠥᠷᠨᠢᠭᠦᠯᠬᠦ ᠴᠢᠬᠤᠯᠠ  ᠲᠦᠰᠢᠭ᠂ ᠨᠡᠶᠢᠭᠡᠮ ᠤᠨ ᠠᠵᠢᠯ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠶᠢᠨ ᠦᠢᠯᠡᠳᠦᠯ ᠢ ᠪᠠᠳᠠᠷᠠᠭᠤᠯᠬᠤ ᠴᠢᠬᠤᠯᠠ ᠠᠴᠢᠶᠠᠯᠠᠪᠤᠷᠢ  ᠮᠥᠨ᠃ ᠳᠡᠭᠡᠳᠦ ᠰᠤᠷᠭᠠᠭᠤᠯᠢ ᠨᠢ ︽ᠬᠡᠯᠲᠡᠰ ᠰᠤᠷᠭᠠᠭᠤᠯᠢ ᠬᠠᠮᠲᠤ ᠪᠠᠷ ᠪᠠᠶᠢᠭᠤᠯᠬᠤ︾ ᠵᠠᠭᠪᠤᠷ ᠢ ᠬᠡᠷᠡᠭᠯᠡᠨ᠂ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ  ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠲᠤ ᠲᠦᠰᠢᠭᠯᠡᠨ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ  ᠠᠩᠬᠠᠷᠤᠯ ᠢᠶᠠᠨ ᠲᠥᠪᠯᠡᠷᠡᠭᠦᠯᠵᠦ᠂ ᠣᠨᠣᠯ ᠤᠨ ᠰᠤᠳᠤᠯᠭᠠᠨ᠂ ᠴᠢᠳᠠᠪᠤᠷᠢᠲᠠᠨ ᠢ ᠬᠥᠮᠥᠵᠢᠭᠦᠯᠬᠦ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠣᠶᠤᠨ ᠤ ᠳᠡᠮᠵᠢᠯᠭᠡ ᠵᠡᠷᠭᠡ  ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠵᠢᠯᠴᠠᠨ ᠬᠥᠮᠥᠨ ᠢ  ᠬᠥᠮᠥᠵᠢᠭᠦᠯᠬᠦ ᠶᠢ ᠪᠡᠶᠡᠯᠡᠭᠦᠯᠬᠦ ᠪᠣᠯᠣᠨ᠎ᠠ᠃        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠥᠪᠥᠷ ᠮᠣᠩᠭᠤᠯ ᠤᠨ ᠶᠡᠭᠡ ᠰᠤᠷᠭᠠᠭᠤᠯᠢ ᠲᠠᠢ ᠬᠠᠮᠲᠤᠷᠠᠨ᠂  ᠨᠡᠶᠢᠭᠡᠮ ᠤᠨ ᠠᠵᠢᠯ ᠤᠨ ᠣᠨᠣᠯ ᠤᠨ ᠰᠤᠳᠤᠯᠭᠠᠨ᠂ ᠴᠢᠳᠠᠪᠤᠷᠢ ᠶᠢᠨ ᠳᠡᠭᠡᠭᠰᠢᠯᠡᠯᠲᠡ᠂ ᠴᠢᠳᠠᠪᠤᠷᠢᠲᠠᠨ ᠢ ᠬᠥᠮᠥᠵᠢᠭᠦᠯᠬᠦ ︽ᠭᠤᠷᠪᠠᠨ ᠠᠵᠢᠯᠯᠠᠭ᠎ᠠ︾᠎ ᠶᠢ ᠬᠠᠮᠲᠤ ᠪᠠᠷ  ᠰᠠᠶᠢᠲᠤᠷ ᠬᠡᠷᠡᠭᠵᠢᠭᠦᠯᠵᠦ᠂ ᠪᠠᠶᠢᠴᠠᠭᠠᠨ ᠰᠤᠳᠤᠯᠤᠯᠲᠠ ᠥᠷᠨᠢᠭᠦᠯᠬᠦ ᠶᠢ ᠬᠠᠮᠲᠤ ᠪᠠᠷ ᠠᠬᠢᠭᠤᠯᠬᠤ᠂ ᠰᠤᠳᠤᠯᠭᠠᠨ ᠤ ᠤᠶᠤᠨ ᠤ ᠬᠥᠮᠥᠷᠭᠡ ᠶᠢ ᠬᠠᠮᠲᠤ ᠪᠠᠷ ᠪᠠᠶᠢᠭᠤᠯᠬᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢ ᠴᠢᠩᠭᠠᠳᠬᠠᠬᠤ᠂ ᠴᠢᠳᠠᠪᠤᠷᠢ ᠶᠢᠨ ᠬᠥᠮᠦᠵᠢᠯ ᠢ ᠴᠢᠩᠭᠠᠳᠬᠠᠬᠤ᠂ ᠳᠠᠳᠤᠯᠭ᠎ᠠ ᠶᠢᠨ ᠰᠠᠭᠤᠷᠢᠨ ᠢ ᠬᠠᠮᠲᠤ ᠪᠠᠷ ᠪᠠᠶᠢᠭᠤᠯᠬᠤ᠂  ᠪᠣᠳᠠᠲᠤ ᠶᠠᠪᠤᠳᠠᠯ ᠤᠨ ᠴᠢᠳᠠᠪᠤᠷᠢ ᠶᠢ ᠳᠡᠭᠡᠭᠰᠢᠯᠡᠭᠦᠯᠭᠦ᠂ ᠬᠤᠣᠰ ᠴᠢᠭᠯᠡᠯ ᠤᠨ ᠰᠣᠯᠢᠯᠴᠠᠭ᠎ᠠ ᠶᠢ ᠥᠷᠨᠢᠭᠦᠯᠬᠦ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ  ᠥᠷᠨᠢᠭᠦᠯᠬᠦ᠂ ᠲᠤᠰᠬᠠᠢ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠭᠦ᠂ ᠠᠵᠢᠯ ᠣᠯᠭᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠠᠷᠪᠠᠨ ᠵᠦᠢᠯ ᠤᠨ  ᠭᠤᠣᠯᠳᠠᠯᠭ᠎ᠠ ᠲᠠᠢ ᠠᠵᠢᠯ︾᠎ ᠢ ᠥᠷᠨᠢᠭᠦᠯᠵᠦ᠂ ᠥᠪᠥᠷ ᠮᠣᠩᠭᠤᠯ ᠤᠨ ᠣᠨᠴᠠᠯᠢᠭ ᠲᠠᠢ ᠨᠡᠶᠢᠭᠡᠮ ᠤᠨ ᠠᠵᠢᠯ ᠤᠨ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠠᠯᠬᠤᠮ  ᠠᠯᠬᠤᠮ ᠢᠶᠠᠷ ᠪᠠᠶᠢᠭᠤᠯᠵᠤ᠂ ᠪᠦᠭᠦ ᠣᠷᠣᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠴᠢᠳᠠᠪᠤᠷᠢᠲᠠᠨ ᠤ  ᠲᠤᠯᠭᠠᠭᠤᠷᠢᠯᠠᠯ ᠬᠠᠩᠭᠠᠬᠤ ᠪᠣᠯᠣᠨ᠎ᠠ᠃          
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ