ᠲᠦᠷᠦᠭᠦᠬᠡᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠣᠶᠤᠲᠠᠳ ᠤᠨ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠤᠷᠤᠯᠳᠤᠭᠠᠨ ᠤ ᠥᠪᠥᠷ | ᠮᠣᠩᠭᠤᠯ ᠤᠨ ᠤᠷᠤᠯᠳᠤᠭᠠᠨ ᠤ ᠲᠣᠭᠤᠷᠢᠭ ᠤᠨ ᠰᠢᠢᠳᠪᠦᠷᠢᠲᠦ ᠤᠷᠤᠯᠳᠤᠭᠠᠨ ᠵᠢᠴᠢ ᠪᠦᠭᠦ ᠣᠷᠣᠨ ᠤ ᠳᠥᠷᠪᠡᠳᠦᠭᠡᠷ ᠬᠤᠭᠤᠴᠠᠭᠠᠨ ᠤ ᠣᠶᠤᠲᠠᠳ ᠤᠨ ᠠᠵᠢᠯ | ᠮᠡᠷᠭᠡᠵᠢᠯ ᠤᠨ ᠲᠥᠯᠦᠪᠵᠢᠭᠦᠯᠭᠡ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠭᠦᠭᠡᠬᠤᠲᠠ ᠳᠤ ᠶᠠᠪᠤᠭᠳᠠᠪᠠ᠃ | ᠲᠣᠰ ᠤᠳᠠᠭᠠᠨ ᠤ ᠤᠷᠤᠯᠳᠤᠭᠠᠨ ᠢ ᠦᠰᠦᠨ ᠪᠤᠶᠢᠵᠢᠯᠳᠠ ᠶᠢᠨ ᠤᠷᠤᠯᠳᠤᠭᠠᠨ ᠤ ᠵᠠᠮ ᠪᠠ ᠠᠵᠢᠯ ᠣᠯᠭᠤᠬᠤ ᠤᠷᠤᠯᠳᠤᠭᠠᠨ ᠤ ᠵᠠᠮ ᠭᠡᠵᠦ ᠬᠤᠪᠢᠶᠠᠵᠤ᠂ | ᠦᠰᠦᠨ ᠪᠤᠶᠢᠵᠢᠯᠳᠠ ᠶᠢᠨ ᠤᠷᠤᠯᠳᠤᠭᠠᠨ ᠤ ᠵᠠᠮ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠤᠭᠤᠶᠢᠯᠠᠩ ᠪᠠ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠳᠤᠭᠤᠶᠢᠯᠠᠩ ᠲᠣᠬᠢᠷᠠᠭᠤᠯᠵᠤ᠂ ᠠᠵᠢᠯ ᠣᠯᠭᠤᠬᠤ ᠤᠷᠤᠯᠳᠤᠭᠠᠨ ᠤ ᠵᠠᠮ ᠳᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠩᠬᠢᠨᠢ ᠠᠩᠭᠢ ᠶᠢᠨ | ᠰᠣᠷᠣᠬᠴᠢ ᠶᠢᠨ ᠳᠤᠭᠤᠶᠢᠯᠠᠩ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠰᠫᠢᠷᠠᠨᠲ ᠤᠨ ᠳᠤᠭᠤᠶᠢᠯᠠᠩ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠳᠤᠭᠤᠶᠢᠯᠠᠩ ᠲᠣᠬᠢᠷᠠᠭᠤᠯᠪᠠ᠃ ᠪᠦᠭᠦ ᠣᠷᠣᠨ ᠤ ᠰᠤᠷᠭᠠᠭᠤᠯᠢ ᠳᠤ ᠪᠠᠶᠢᠭ᠎ᠠ ᠨᠡᠶᠢᠲᠡ 20 ᠭᠠᠷᠤᠢ ᠲᠦᠮᠡᠨ ᠣᠶᠤᠲᠠᠨ ᠢᠳᠡᠪᠬᠢᠲᠡᠢ ᠪᠠᠷ ᠨᠡᠷ᠎ᠡ ᠮᠡᠳᠡᠭᠦᠯᠵᠦ᠂ | ᠰᠤᠷᠭᠠᠭᠤᠯᠢ ᠶᠢᠨ ᠠᠩᠬᠠᠨ ᠤ ᠤᠷᠤᠯᠳᠤᠭᠠᠨ᠂ ᠥᠪᠡᠷᠲᠡᠭᠡᠨ ᠵᠠᠰᠠᠬᠤ ᠣᠷᠣᠨ ᠤ ᠨᠤᠭᠤᠯᠤᠭ᠎ᠠ ᠤᠷᠤᠯᠳᠤᠭᠠᠨ ᠤ ᠰᠢᠷᠦᠭᠦᠨ ᠥᠷᠢᠰᠦᠯᠳᠦᠭᠡᠨ ᠢᠶᠠᠷ ᠳᠡᠮᠵᠢᠨ | ᠡᠴᠦᠰ ᠲᠡᠭᠡᠨ 188 ᠣᠶᠤᠲᠠᠨ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠤᠷᠤᠯᠳᠤᠭᠠᠨ ᠳᠤ ᠣᠷᠣᠯᠴᠠᠵᠠᠢ᠃ ᠤᠷᠤᠯᠳᠤᠭᠠᠨ ᠤ ᠲᠠᠯᠠᠪᠤᠷ ᠲᠤ᠂ | ᠤᠷᠤᠯᠳᠤᠭᠠᠨ ᠳᠤ ᠣᠷᠣᠯᠴᠠᠭᠰᠠᠳ ᠠᠮᠢᠳᠤᠷᠠᠯ ᠤᠨ ᠬᠦᠰᠡᠯᠡᠩ᠂ ᠠᠵᠢᠯ ᠮᠡᠷᠭᠡᠵᠢᠯ ᠤᠨ ᠬᠠᠷᠠᠯᠲᠠ᠂ ᠲᠡᠮᠡᠴᠡᠯ ᠤᠨ ᠥᠩᠭᠡᠷᠡᠯᠲᠡ ᠪᠣᠯᠣᠨ ᠢᠷᠡᠭᠡᠳᠦᠢ ᠶᠢᠨ | ᠲᠥᠯᠦᠪᠵᠢᠭᠦᠯᠭᠡ ᠪᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠤᠪᠢᠶᠠᠯᠴᠠᠵᠠᠢ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠠᠨ ᠬᠤᠢ ᠨᠠ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠶᠠᠩ ᠵᠡᠷᠭᠡ 10 ᠰᠤᠷᠤᠬᠴᠢ ᠦᠰᠦᠨ ᠪᠤᠶᠢᠵᠢᠯᠳᠠ ᠶᠢᠨ ᠤᠷᠤᠯᠳᠤᠭᠠᠨ ᠤ ᠵᠠᠮ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠳᠤᠭᠤᠶᠢᠯᠠᠩ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠤᠶᠢᠯᠠᠩ ᠤᠨ ᠠᠯᠳᠠᠨ ᠮᠧᠳᠠᠯ ᠢ ᠭᠦᠷᠳᠡᠪᠡ᠃ ᠥᠪᠥᠷ ᠮᠣᠩᠭᠤᠯ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠶᠠᠨ ᠬᠠᠢ ᠸᠧᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠢᠦᠢ ᠭᠤᠸᠠᠩ ᠰᠢᠦᠢ᠂ | ᠲᠦᠩᠯᠢᠶᠣᠣ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠸᠠ ᠯᠦᠩ ᠵᠡᠷᠭᠡ 8 ᠰᠤᠷᠤᠬᠴᠢ ᠠᠵᠢᠯ ᠣᠯᠭᠤᠯᠲᠠ ᠶᠢᠨ ᠤᠷᠤᠯᠳᠤᠭᠠᠨ ᠤ ᠵᠠᠮ ᠤᠨ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠠᠰᠫᠢᠷᠠᠨᠲ ᠤᠨ ᠳᠤᠭᠤᠶᠢᠯᠠᠩ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠩᠬᠢᠨᠢ ᠠᠩᠭᠢ ᠶᠢᠨ ᠰᠣᠷᠣᠬᠴᠢ ᠶᠢᠨ | ᠳᠤᠭᠤᠶᠢᠯᠠᠩ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠤᠭᠤᠶᠢᠯᠠᠩ ᠤᠨ ᠠᠯᠲᠠᠨ ᠮᠧᠳᠠᠯ ᠢ ᠭᠦᠷᠳᠡᠪᠡ᠃ ᠥᠪᠥᠷ ᠮᠣᠩᠭᠤᠯ ᠤᠨ ᠬᠢᠮᠢ ᠶᠢᠨ ᠠᠵᠤ | ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ 11 ᠶᠡᠭᠡ ᠳᠡᠭᠡᠳᠦ ᠰᠤᠷᠭᠠᠭᠤᠯᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ | ᠭᠦᠷᠳᠡᠪᠡ᠃ | ᠪᠦᠭᠦ ᠣᠷᠣᠨ ᠤ ᠲᠠᠪᠤᠳᠤᠭᠠᠷ ᠬᠤᠭᠤᠴᠠᠭᠠᠨ ᠤ ᠣᠶᠤᠲᠠᠳ ᠤᠨ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠤᠷᠤᠯᠳᠤᠭᠠᠨ ᠢ ᠥᠪᠥᠷ ᠮᠣᠩᠭᠤᠯ ᠤᠨ | ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠠᠭᠠᠭᠠᠴᠢᠯᠠᠨ ᠡᠷᠭᠢᠯᠡᠭᠦ ᠪᠣᠯᠣᠨ᠎ᠠ᠃ | | | |